ᠪᠠᠶᠠᠨᠲᠠᠯ᠎ᠠ ᠰᠤᠮᠤ ᠲᠦᠬᠦᠭᠡᠷᠦᠮᠵᠢᠲᠦ ᠲᠠᠷᠢᠶᠠᠯᠠᠩ ᠤᠨ ᠬᠦᠯᠡᠮᠵᠢ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/12/3
     12 ᠰᠠᠷ᠎ᠠ ᠶᠢᠨ 2 ᠤᠨ ᠡᠳᠦᠷ᠂ ᠪᠠᠶᠠᠨᠲᠠᠯ᠎ᠠ ᠰᠤᠮᠤ ᠬᠠᠷᠢᠶ᠎ᠠ ᠣᠷᠣᠨ ᠤ ᠪᠠᠨ ᠲᠦᠬᠦᠭᠡᠷᠦᠮᠵᠢᠲᠦ ᠲᠠᠷᠢᠶᠠᠯᠠᠩ ᠤᠨ ᠬᠦᠯᠡᠮᠵᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠬᠦᠯᠡᠮᠵᠢ ᠶᠢᠨ ᠳᠣᠲᠣᠷᠠᠬᠢ ᠲᠠᠷᠢᠮᠠᠯ ᠤᠨ ᠤᠷᠭᠤᠯᠲᠠ ᠶᠢᠨ ᠪᠠᠶᠢᠳᠠᠯ ᠪᠣᠯᠤᠨ ᠬᠦᠯᠡᠮᠵᠢ ᠶᠢᠨ ᠰᠠᠭᠤᠷᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠠᠬᠤᠢ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠲᠠᠷᠢᠮᠠᠯ ᠤᠨ ᠡᠷᠦᠬᠡ ᠲᠠᠢ ᠭᠦᠨᠵᠡᠭᠡᠶ ᠶᠠᠷᠢᠯᠴᠠᠵᠤ᠂ ᠲᠠᠷᠢᠮᠠᠯ ᠤᠨ ᠤᠨᠠᠯᠲᠠ᠂ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠵᠠᠮ ᠪᠣᠯᠤᠨ ᠦᠢᠯᠡᠳᠪᠦᠷᠢᠯᠡᠯ ᠤᠨ ᠦᠷ᠎ᠡ ᠠᠰᠢᠭ ᠤᠨ ᠪᠠᠶᠢᠳᠠᠯ ᠵᠢᠴᠢ ᠲᠤᠯᠭᠠᠷᠠᠭᠰᠠᠨ ᠬᠦᠴᠢᠷᠳᠡᠯ ᠢ ᠨᠠᠷᠢᠨ ᠣᠶᠢᠯᠠᠭᠠᠪᠠ᠃ ᠳᠠᠷᠠᠭᠠᠴᠢ ᠶᠢᠨ ᠠᠯᠬᠤᠮ ᠳᠤ᠂ ᠪᠠᠶᠠᠨᠲᠠᠯ᠎ᠠ ᠰᠤᠮᠤ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠲᠦᠬᠦᠭᠡᠷᠦᠮᠵᠢᠲᠦ ᠲᠠᠷᠢᠶᠠᠯᠠᠩ ᠤᠨ ᠥᠷᠨᠢᠩᠭᠦᠶ ᠬᠥᠭᠵᠢᠯᠲᠡ ᠳᠤ ᠰᠠᠭᠤᠷᠢ ᠶᠢ ᠪᠠᠬᠢᠵᠢᠭᠦᠯᠵᠦ᠂ ᠤᠯᠠᠨ ᠲᠦᠮᠡᠨ ᠢ ᠬᠦᠳᠦᠯᠦᠨ ᠳᠠᠭᠠᠭᠤᠯᠵᠤ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠦᠨ᠎ᠡ᠃    
微信图片_20241203091717.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号