ᠵᠠᠷᠤᠳ ᠬᠤᠰᠢᠭᠤᠨ ᠤ ᠬᠤᠶᠢᠴᠢ ᠦᠶ᠎ᠡ  ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠠᠶᠢᠩᠭᠤ ᠶᠢᠨ ᠬᠤᠷᠠᠯ ᠬᠢᠵᠦ ︽ᠪᠦᠬᠦ ᠣᠷᠣᠨ ᠤ ᠬᠤᠶᠢᠴᠢ ᠦᠶ᠎ᠡ  ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠡᠷᠬᠢᠯᠡᠭᠴᠢ ᠶᠢᠨ ᠰᠠᠭᠤᠳᠠᠯ ᠤᠨ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ
ᠨᠡᠶᠢᠲᠡᠯᠡᠭᠰᠡᠨ ᠴᠠᠭ᠄
2024/12/3
    12 ᠰᠠᠷ᠎ᠠ ᠶᠢᠨ 2 ᠤᠨ ᠡᠳᠦᠷ᠂ ᠵᠠᠷᠤᠳ ᠬᠤᠰᠢᠭᠤᠨ ᠤ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠠᠶᠢᠩᠭᠤ ᠶᠢᠨ ᠬᠤᠷᠠᠯ ᠬᠢᠵᠦ᠂ ᠲᠦᠩᠯᠢᠶᠣᠤ ᠬᠤᠲᠠ ᠶᠢᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠢᠭᠰᠡᠨ ︽ᠪᠥᠬᠦ ᠣᠷᠣᠨ ᠤ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠡᠷᠬᠢᠯᠡᠭᠴᠢ ᠶᠢᠨ ᠰᠠᠭᠤᠳᠠᠯ ᠤᠨ ᠬᠤᠷᠠᠯ︾ ᠤᠨ ᠭᠤᠤᠯ ᠵᠣᠷᠢᠯᠲᠠ ᠵᠢᠴᠢ ᠲᠦᠩᠯᠢᠶᠣᠤ ᠬᠤᠲᠠ ᠶᠢᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠵᠥᠪᠯᠡᠯ ᠤᠨ ᠡᠷᠬᠢᠯᠡᠭᠴᠢ ᠵᠠᠩ ᠸᠠᠨ ᠵᠦᠩ ᠤᠨ ᠪᠥᠬᠦ ᠣᠷᠣᠨ ᠤ ᠰᠠᠭᠤᠳᠠᠯ ᠤᠨ ᠬᠤᠷᠠᠯ ᠳᠡᠭᠡᠷᠡᠬᠢ ᠶᠠᠷᠢᠶ᠎ᠠ ᠶᠢ ᠭᠦᠨᠵᠡᠭᠡᠶ ᠰᠤᠷᠤᠯᠴᠠᠨ ᠤᠯᠠᠮᠵᠢᠯᠠᠪᠠ᠃ ᠬᠤᠷᠠᠯ ᠠᠴᠠ ᠪᠠᠰᠠ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠠᠵᠢᠯ ᠢ ᠰᠤᠳᠤᠯᠪᠠ᠃
1.jpg
    ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠡᠷᠬᠢᠯᠡᠭᠴᠢ ᠰᠦᠨ ᠷᠦ᠋ ᠴᠢᠦ ᠴᠢᠬᠤᠯᠠᠴᠢᠯᠠᠭᠰᠠᠨ ᠨᠢ᠄ ᠥᠩᠭᠡᠷᠡᠭᠰᠡᠨ 2024 ᠣᠨ ᠳᠤ᠂ ᠮᠠᠨ ᠤ ᠬᠤᠰᠢᠭᠤᠨ ᠤ ᠬᠤᠶᠢᠴᠢ ᠦᠶ᠎ᠡ  ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠡᠷᠡᠮᠡᠬᠡᠶᠢᠯᠡᠨ ᠤᠷᠤᠭᠰᠢᠯᠠᠵᠤ᠂ ᠣᠯᠤᠯᠲᠠ ᠳᠦᠭᠦᠷᠡᠩ ᠪᠠᠶᠢᠨ᠎ᠠ᠃ ︽ᠲᠠᠪᠤᠨ ᠠᠬᠠᠮᠠᠳ︾ ᠤᠬᠠᠭᠤᠯᠤᠨ ᠲᠠᠶᠢᠯᠪᠤᠷᠢᠯᠠᠬᠤ ᠳᠤᠮᠳᠠ᠂ ᠬᠠᠪᠰᠤᠷᠤᠨ ᠲᠡᠳᠬᠦᠬᠦ ᠠᠶᠠᠨ ᠵᠠᠮ ᠵᠢᠴᠢ ᠭᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠭᠰᠠᠨ ᠬᠦᠭ ᠠᠶᠠᠰ ᠤᠨ ᠳᠤᠮᠳᠠ᠂ ᠡᠶ᠎ᠡ ᠵᠣᠬᠢᠴᠠᠩᠭᠤᠢ ᠭᠤᠶᠢᠳᠠ ᠰᠠᠶᠢᠬᠠᠨ ᠰᠤᠷᠭᠠᠨ ᠬᠥᠮᠦᠵᠢᠯ ᠤᠨ ᠨᠠᠶᠢᠷᠠᠯ ᠬᠥᠭᠵᠢᠮ ᠢ ᠬᠥᠭᠵᠢᠮᠳᠡᠪᠡ᠃ 2025 ᠣᠨ ᠢ ᠪᠠᠷᠠᠯᠠᠬᠤᠶ᠎ᠠ᠂ ᠪᠢᠳᠡ ᠬᠦᠰᠡᠯ ᠡᠷᠡᠮᠡᠯᠵᠡᠯ ᠢᠶᠠᠨ ᠡᠪᠦᠷᠯᠡᠨ᠂ ᠠᠭᠤᠤ ᠵᠣᠷᠢᠭ ᠢ ᠬᠥᠪᠴᠢᠯᠡᠨ᠎ᠡ᠃ ᠦᠵᠡᠯ ᠰᠠᠨᠠᠭᠠᠨ ᠤ ᠬᠥᠮᠦᠵᠢᠯ ᠳᠠᠬᠢᠨᠲᠠ ᠬᠠᠯᠠᠭᠤᠨ ᠥᠷᠨᠢᠯᠲᠡ ᠶᠢ ᠰᠡᠬᠦᠵᠦ᠂ ᠴᠠᠭ ᠦᠶ᠎ᠡ ᠶᠢᠨ ᠰᠤᠳᠠᠰᠤ ᠶᠢ ᠴᠢᠩᠭ᠎ᠠ ᠡᠵᠡᠮᠳᠡᠵᠦ᠂ ᠰᠢᠨ᠎ᠡ ᠰᠡᠪᠡᠭᠦᠨ ᠬᠡᠯᠪᠡᠷᠢ᠂ ᠪᠠᠶᠠᠯᠢᠭ ᠠᠭᠤᠯᠭ᠎ᠠ ᠪᠠᠷ᠂ ᠵᠠᠯᠠᠭᠤᠴᠤᠳ ᠪᠠᠭᠠᠴᠤᠳ ᠢ ᠦᠵᠡᠯ ᠰᠠᠨᠠᠭᠠᠨ ᠤ ᠳᠠᠯᠠᠢ ᠲᠠᠩᠭᠢᠰ ᠲᠤ ᠤᠮᠪᠠᠨ ᠱᠤᠮᠪᠠᠭᠤᠯᠤᠨ᠎ᠠ᠃ ᠬᠠᠶᠢᠷ᠎ᠠ ᠬᠠᠯᠠᠮᠵᠢ ᠶᠢᠨ ᠠᠵᠢᠯᠯᠠᠭ᠎ᠠ ᠨᠢ ᠦᠷᠭᠦᠯᠵᠢᠯᠡᠨ ᠡᠷᠢᠯᠬᠢᠯᠡᠵᠦ᠂ ᠬᠠᠪᠰᠤᠷᠤᠨ ᠲᠡᠳᠬᠦᠬᠦ ᠥᠷᠭᠡᠴᠡ ᠪᠣᠯᠤᠨ ᠭᠦᠨᠴᠡ ᠶᠢ ᠥᠷᠭᠡᠳᠬᠡᠵᠦ᠂ ᠬᠥᠳᠡᠯᠦᠩᠭᠦᠢ᠂ ᠤᠨᠤᠴᠢᠲᠠᠢ ᠬᠠᠪᠰᠤᠷᠤᠨ ᠲᠡᠳᠬᠦᠬᠦ ᠰᠢᠰᠲ᠋ᠧᠮ ᠢ ᠪᠠᠶᠢᠭᠤᠯᠵᠤ᠂ ᠬᠡᠷᠡᠭᠴᠡᠭᠡ ᠲᠠᠢ ᠵᠠᠯᠠᠭᠤᠴᠤᠳ ᠪᠠᠭᠠᠴᠤᠳ ᠲᠤ ᠬᠠᠶᠢᠷ᠎ᠠ ᠬᠠᠯᠠᠮᠵᠢ ᠶᠢᠨ ᠬᠤᠷ᠎ᠠ ᠪᠣᠷᠣᠭᠠᠨ ᠬᠦᠷᠲᠡᠭᠡᠨ᠎ᠡ᠃ ᠡᠭᠦᠨ ᠤ ᠬᠠᠮᠲᠤ᠂ ᠪᠢᠳᠡ ᠥᠪᠡᠷ ᠢ ᠪᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠪᠦᠯᠬᠦᠮ ᠨᠡᠶᠢᠲᠡ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠣᠯᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠨᠡᠩ ᠯᠠᠪᠳᠠᠭᠤᠨ ᠪᠠᠲᠤᠲᠠᠢ ᠠᠯᠬᠤᠭ᠎ᠠ ᠪᠠᠷ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠰᠢᠨ᠎ᠡ ᠭᠡᠷᠡᠯ ᠰᠠᠴᠤᠷᠠᠩᠭᠤᠢ ᠦᠢᠯᠡᠰ ᠵᠦᠭ ᠡᠷᠢᠯᠬᠢᠯᠡᠨ ᠲᠡᠮᠡᠴᠡᠨ᠎ᠡ ᠭᠡᠪᠡ᠃
2.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号