ᠦᠯᠵᠡᠶᠢᠮᠦ᠋ᠷᠡᠨ ᠰᠤᠮᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠤᠯᠪᠠᠰᠤᠷᠠᠯ ᠬᠢᠪᠡ
ᠨᠡᠶᠢᠲᠡᠯᠡᠭᠰᠡᠨ ᠴᠠᠭ᠄
2024/12/4
      12 ᠰᠠᠷ᠎ᠠ ᠶᠢᠨ 2 ᠤᠨ ᠡᠳᠦᠷ᠂ ᠦᠯᠵᠡᠶᠢᠮᠦ᠋ᠷᠡᠨ ᠰᠤᠮᠤᠨ ᠤ ᠭᠠᠯ ᠤᠨᠲᠠᠷᠠᠭᠠᠬᠤ ᠠᠩᠭᠢ ᠬᠠᠷᠢᠶᠠᠲᠤ ᠣᠷᠣᠨ ᠤ ᠪᠠᠨ ᠰᠤᠷᠭᠠᠭᠤᠯᠢ ᠳᠤ ᠬᠦᠷᠴᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠤᠯᠪᠠᠰᠤᠷᠠᠯ ᠬᠢᠪᠡ᠃ ᠪᠤᠯᠪᠠᠰᠤᠷᠠᠯ ᠤᠨ ᠳᠤᠮᠳᠠ᠂ ᠭᠠᠯ ᠤᠨᠲᠠᠷᠠᠭᠠᠭᠴᠢ ᠠᠴᠠ ᠠᠬᠤᠢ ᠲᠠᠯᠠᠪᠤᠷ ᠲᠤ ᠲᠠᠶᠢᠯᠪᠤᠷᠢᠯᠠᠬᠤ᠂ ᠪᠣᠳᠠᠲᠠᠶ ᠠᠵᠢᠯᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ ᠤᠨ ᠠᠶᠤᠯ ᠢ ᠰᠡᠷᠭᠡᠶᠢᠯᠡᠬᠦ᠂ ᠠᠩᠬᠠᠨ ᠤ ᠦᠶ᠎ᠡ ᠶᠢᠨ ᠭᠠᠯ ᠤᠨᠲᠠᠷᠠᠭᠠᠬᠤ᠂ ᠭᠠᠯ ᠲᠦᠢᠮᠡᠷ ᠤᠨ ᠲᠠᠯᠠᠪᠤᠷ ᠠᠴᠠ ᠠᠮᠢ ᠵᠢᠭᠤᠲᠠᠬᠤ ᠤᠷ᠎ᠠ ᠮᠡᠷᠭᠡᠵᠢᠯ ᠢ ᠵᠥᠪ ᠣᠨᠣᠪᠴᠢᠲᠠᠶ ᠬᠡᠷᠡᠭᠯᠡᠬᠦ ᠵᠡᠷᠭᠡ ᠳᠤ ᠨᠠᠷᠢᠨ ᠨᠢᠮᠪᠠᠶ ᠲᠠᠶᠢᠯᠤᠮᠵᠢ ᠬᠢᠵᠦ᠂ ᠪᠠᠭᠰᠢ ᠰᠤᠷᠤᠭᠴᠢᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠪᠡ᠃      
微信图片_20241204093920.png
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号