| 12 ᠰᠠᠷ᠎ᠠ ᠶᠢᠨ 3 ᠤ ᠡᠳᠦᠷ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ | ᠬᠢᠨᠠᠨ ᠵᠢᠯᠣᠭᠤᠳᠬᠤ ᠳᠤᠭᠤᠶᠢᠯᠠᠩ ᠵᠠᠷᠤᠳ ᠬᠤᠰᠢᠭᠤᠨ ᠳᠤ ᠢᠷᠡᠵᠦ ᠠᠶᠤᠯᠭᠦᠶ ᠦᠢᠯᠡᠳᠪᠦᠷᠢᠯᠡᠯ ᠵᠢᠴᠢ ᠷᠠᠳᠢᠣ᠋ | ᠲᠧᠯᠸᠢᠰ ᠤᠨ ᠨᠡᠪᠲᠡᠷᠡᠭᠦᠯᠭᠡ ᠶᠢᠨ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠶ ᠯᠢᠩ | ᠬᠤᠤ ᠪᠣᠯᠤᠨ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | | | ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠬᠠᠮ ᠵᠠᠭᠤᠴᠢᠯᠠᠭᠤᠷ ᠤᠨ | ᠲᠥᠪ ᠤᠨ ᠨᠡᠪᠲᠡᠷᠡᠭᠦᠯᠬᠦ ᠮᠠᠰᠢᠨ ᠤ ᠲᠠᠰᠤᠭ᠂ ᠫᠤᠤ ᠲᠠᠢ ᠱᠠᠨ ᠬᠠᠷᠪᠤᠯᠲᠠ ᠶᠢᠨ ᠲᠠᠰᠤᠭ ᠵᠡᠷᠭᠡ ᠭᠠᠵᠠᠷ ᠲᠤ | ᠬᠦᠷᠴᠦ᠂ ᠠᠬᠤᠢ ᠭᠠᠵᠠᠷ ᠲᠤᠨᠢ ᠰᠤᠷᠪᠤᠯᠵᠢᠯᠠᠬᠤ ᠪᠠ ᠯᠠᠪᠯᠠᠨ ᠠᠰᠠᠭᠤᠵᠤ ᠰᠣᠯᠢᠯᠴᠠᠬᠤ ᠠᠷᠭ᠎ᠠ ᠬᠡᠯᠪᠡᠷᠢ ᠪᠠᠷ | ᠳᠠᠮᠵᠢᠨ ᠠᠮᠤᠷ ᠲᠦᠪᠰᠢᠨ ᠤ ᠲᠣᠭᠲᠠᠴᠠ ᠶᠢᠨ ᠪᠠᠶᠢᠭᠤᠯᠤᠯᠲᠠ᠂ ᠴᠠᠬᠢᠯᠭᠠᠨ ᠬᠠᠩᠭᠠᠬᠤ ᠲᠦᠭᠡᠭᠡᠬᠦ | ᠲᠣᠬᠢᠷᠠᠭᠤᠯᠤᠯᠲᠠ᠂ ᠵᠢᠵᠢᠭᠦᠷᠯᠡᠨ ᠰᠠᠬᠢᠬᠤ᠂ ᠲᠥᠬᠦᠭᠡᠷᠦᠮᠵᠢ ᠶᠢᠨ ᠠᠵᠢᠯᠯᠠᠭᠠᠨ᠂ ᠬᠠᠮᠠᠭᠠᠯᠠᠯᠲᠠ ᠬᠠᠮᠢᠶᠠᠷᠤᠯᠲᠠ | ᠵᠢᠴᠢ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠡᠪᠲᠡᠷᠡᠭᠦᠯᠭᠡ ᠶᠢᠨ ᠠᠮᠤᠷ | ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ | ᠬᠢᠨᠠᠨ ᠵᠢᠯᠣᠭᠤᠳᠬᠤ ᠳᠤᠭᠤᠶᠢᠯᠠᠩ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠤᠱᠯᠠᠭᠤᠯᠵᠤ᠂ ᠠᠮᠤᠷ ᠲᠦᠪᠰᠢᠨ ᠢᠶᠠᠷ ᠨᠡᠪᠲᠡᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ | ᠭᠦᠨᠵᠡᠭᠡᠢ ᠲᠠᠨᠢᠵᠤ᠂ ︽ᠠᠮᠤᠷ ᠲᠦᠪᠰᠢᠨ ᠢᠶᠠᠷ ᠨᠡᠪᠲᠡᠷᠡᠭᠦᠯᠬᠦ ᠠᠵᠢᠯ ᠬᠡᠵᠢᠶᠡᠳᠡ ᠶᠠᠪᠤᠭᠳᠠᠬᠤ︾ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠴᠠᠭ ᠢᠮᠠᠭᠲᠠ ᠰᠠᠨᠠᠭᠠᠰᠢᠷᠠᠭᠠᠳ ᠪᠠᠶᠢᠳᠠᠭ︾ ᠬᠠᠷᠢᠭᠤᠴᠠᠯᠭᠠᠲᠤ | ᠰᠡᠳᠬᠢᠯᠭᠡ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠦᠨᠡᠨᠬᠦ ᠴᠢᠩᠭ᠎ᠠ ᠠᠳᠬᠤᠵᠤ᠂ ᠰᠠᠨᠠᠭᠠᠰᠢᠷᠠᠨ ᠵᠣᠪᠠᠨᠢᠬᠤ | ᠤᠬᠠᠮᠰᠠᠷ ᠢᠶᠠᠨ ᠴᠢᠩᠭᠠᠳᠬᠠᠵᠤ᠂ ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠠᠮᠤᠷ ᠲᠦᠪᠰᠢᠨ ᠤ ᠠᠵᠢᠯ ᠢ ᠢᠮᠠᠭᠲᠠ | ︽ᠨᠢᠭᠡ ᠶᠢ ᠠᠯᠳᠠᠪᠠᠯ ᠪᠦᠬᠦᠨ ᠢ ᠠᠯᠳᠠᠬᠤ︾ ᠵᠠᠩᠭᠢᠯᠠᠭ᠎ᠠ ᠶᠢᠨ ᠪᠠᠶᠢᠷᠢᠨ ᠳᠤ ᠲᠠᠯᠪᠢᠬᠤ ᠬᠡᠷᠡᠭᠲᠡᠢ᠃ ᠨᠡᠪᠲᠡᠷᠡᠭᠦᠯᠬᠦ᠂ | ᠳᠠᠮᠵᠢᠭᠤᠯᠬᠤ ᠵᠡᠷᠭᠡ ᠴᠢᠬᠤᠯᠠ ᠭᠤᠭᠴᠤᠭ᠎ᠠ ᠳᠤ ᠠᠮᠤᠷ ᠲᠦᠪᠰᠢᠨ ᠢ ᠬᠠᠮᠠᠭᠠᠯᠠᠬᠤ ᠪᠣᠯᠤᠨ ᠵᠢᠵᠢᠭᠦᠷᠯᠡᠨ ᠰᠠᠬᠢᠬᠤ | ᠠᠵᠢᠯ ᠢ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠳᠠᠯᠳᠠ ᠭᠡᠮ ᠢ ᠨᠠᠷᠢᠨ ᠬᠢᠨᠠᠮᠠᠭᠠᠢ ᠵᠢᠭᠰᠠᠭᠠᠨ | ᠪᠠᠶᠢᠴᠠᠭᠠᠬᠤ ᠶᠢᠨ ᠬᠠᠮᠲᠤ ᠠᠷᠢᠯᠭᠠᠵᠤ᠂ ᠷᠠᠳᠢᠣ᠋ ᠲᠧᠯᠸᠢᠰ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ | ᠪᠣᠯᠤᠨ ᠨᠡᠪᠲᠡᠷᠡᠭᠦᠯᠭᠡ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠬᠤᠯᠠ ᠵᠠᠩᠭᠢᠯᠠᠭ᠎ᠠ ᠶᠢᠨ | ᠴᠠᠭ ᠬᠤᠭᠤᠴᠠᠭᠠᠨ ᠤ ᠷᠠᠳᠢᠣ᠋ ᠲᠧᠯᠸᠢᠰ ᠤᠨ ᠫᠷᠤᠭ᠍ᠷᠠᠮ ᠤᠨ ᠠᠮᠤᠷ ᠲᠦᠪᠰᠢᠨ᠂ ᠴᠢᠨᠠᠷ ᠰᠠᠶᠢᠲᠠᠢ᠂ ᠲᠠᠰᠣᠯᠳᠠᠬᠤ | ᠦᠭᠡᠢ ᠨᠡᠪᠲᠡᠷᠡᠭᠦᠯᠬᠦ ᠶᠢ ᠪᠠᠲᠤᠯᠠᠵᠤ᠂ ᠷᠠᠳᠢᠣ᠋ ᠲᠧᠯᠸᠢᠰ ᠤᠨ ᠫᠷᠤᠭ᠍ᠷᠠᠮ ᠢ ᠲᠦᠭ ᠲᠦᠮᠡᠨ ᠠᠶᠢᠯ ᠡᠷᠦᠬᠡ ᠳᠤ ᠴᠢᠨᠠᠷ | ᠰᠠᠶᠢᠲᠠᠢ ᠨᠡᠪᠲᠡᠷᠡᠭᠦᠯᠬᠦ ᠶᠢ ᠪᠠᠲᠤᠯᠠᠵᠤ᠂ ᠠᠷᠠᠳ ᠤᠯᠠᠨ ᠤ ᠷᠠᠳᠢᠣ᠋ ᠲᠧᠯᠸᠢᠰ ᠦᠵᠡᠬᠦ ᠰᠣᠨᠣᠰᠬᠤ ᠦᠩᠭᠡᠷᠡᠯᠲᠡ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠷᠠᠳᠢᠣ᠋ ᠲᠧᠯᠸᠢᠰ ᠤᠨ ᠠᠷᠠᠳ ᠤᠨ ᠲᠥᠯᠥᠭᠡ ᠪᠠᠶᠢᠬᠤ᠂ ᠠᠷᠠᠳ ᠲᠤ ᠠᠰᠢᠭ | ᠬᠦᠷᠲᠡᠭᠡᠬᠦ ᠦᠢᠯᠡᠴᠢᠯᠡᠭᠡᠨ ᠤ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠠᠳ ᠤᠯᠠᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠤᠶᠤᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ |