ᠵᠠᠷᠤᠳ ᠬᠤᠰᠢᠭᠤ ︽ᠲᠠᠪᠤᠨ ᠶᠡᠭᠡ ᠡᠭᠦᠷᠭᠡ︾ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠬᠤᠷᠠᠯ ᠬᠢᠪᠡ
ᠨᠡᠶᠢᠲᠡᠯᠡᠭᠰᠡᠨ ᠴᠠᠭ᠄
2024/12/6
            12 ᠰᠠᠷ᠎ᠠ ᠶᠢᠨ 3 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠤᠤ ᠶᠠᠨ ᠵᠢᠶᠦ᠋ᠨ ᠪᠦᠬᠦ ᠬᠤᠰᠢᠭᠤᠨ ᠤ ︽ᠲᠠᠪᠤᠨ ᠶᠡᠭᠡ ᠡᠭᠦᠷᠭᠡ︾ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ ᠤᠳᠤᠷᠢᠳᠤᠯᠭ᠎ᠠ ᠪᠠᠲᠤ᠂ ᠯᠢᠦ ᠶᠦᠩ᠂ ᠶᠠᠩ ᠽᠢ ᠴᠢᠶᠠᠩ᠂ ᠵᠠᠩ ᠳ᠋ᠠ ᠫᠧᠩ᠂ ᠰᠦᠸᠧ ᠮᠢᠩ ᠢᠦᠶ᠂ ᠭᠦᠸᠧ ᠶᠠ ᠹᠧᠩ᠂ ᠵᠠᠩ ᠶᠦᠩ ᠴᠢᠶᠠᠩ᠂ ᠢᠦᠶ ᠬᠠᠶ ᠪᠦᠦ᠂ ᠼᠦᠢ ᠯᠸᠢ ᠯᠸᠢ᠂ ᠱᠠᠨ ᠬᠤᠸᠠ ᠴᠢ ᠵᠢᠴᠢ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ  ᠣᠷᠣᠯᠴᠠᠪᠠ᠃
4910083d5f8fa73f79cdea1dca747c6.jpg
    ᠬᠤᠷᠠᠯ ᠳᠡᠭᠡᠷ᠎ᠡ᠂ ᠪᠥᠬᠦ ᠬᠤᠰᠢᠭᠤᠨ ᠤ 2024 ᠣᠨ ᠤ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠵᠢᠯ ᠤᠨ ᠡᠴᠦᠰ ᠤᠨ ᠠᠵᠢᠯ ᠪᠠ 2025 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠱᠤᠤ ᠶᠠᠨ ᠵᠢᠶᠦ᠋ᠨ ᠠᠴᠠ᠂ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠪᠣᠳᠠᠲᠠᠢ ᠠᠭᠤᠯᠭ᠎ᠠ ᠶᠢ ᠭᠦᠨᠵᠡᠭᠡᠢ ᠨᠠᠷᠢᠯᠢᠭ ᠰᠤᠳᠤᠯᠵᠤ᠂ ᠬᠠᠷᠠᠯᠲᠠ ᠲᠠᠢ ᠬᠠᠷᠢᠴᠠᠭᠤᠯᠤᠨ ᠵᠥᠷᠢᠶ᠎ᠡ ᠪᠠᠨ ᠡᠷᠢᠵᠦ᠂ ᠪᠦᠲᠦᠮᠵᠢᠲᠡᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠤ᠂ ᠳᠣᠲᠠᠭᠳᠠᠯ ᠢᠶᠠᠨ ᠨᠠᠷᠢᠨ ᠬᠢᠨᠠᠮᠠᠭᠠᠢ ᠨᠥᠬᠦᠪᠥᠷᠢᠯᠡᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠲᠦᠷᠦᠭᠦᠯᠡᠨ ᠬᠢᠬᠦ ᠶᠢ ᠪᠠᠷᠢᠮᠲᠠᠯᠠᠵᠤ᠂ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ᠂ ᠬᠠᠷᠢᠭᠤᠴᠠᠯᠭᠠᠲᠤ ᠨᠢᠭᠡᠴᠡ ᠬᠢᠨ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠡᠷᠴᠢᠮᠲᠠᠢ ᠨᠢᠭᠡᠳᠦᠯᠲᠡᠢ ᠲᠦᠯᠦᠪᠵᠢᠭᠦᠯᠬᠦ᠂ ᠪᠦᠲᠦᠮᠵᠢᠲᠡᠢ ᠲᠣᠬᠢᠷᠠᠭᠤᠯᠬᠤ᠂ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ᠂ ᠡᠯ᠎ᠡ ᠵᠦᠢᠯ ᠤᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠶᠠᠰᠤ ᠴᠢᠨᠠᠷ ᠲᠤᠭ᠎ᠠ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠪᠣᠷᠢᠯᠠᠪᠠ᠃    ᠱᠤᠤ ᠶᠠᠨ ᠵᠢᠶᠦ᠋ᠨ ᠠᠴᠠ᠂ ᠳᠤᠯᠠᠭᠠᠯᠠᠭ᠎ᠠ ᠬᠠᠩᠭᠠᠬᠤ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ ᠵᠡᠷᠭᠡ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠣᠯᠠᠭ᠎ᠠ ᠶᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠰᠡᠳᠭᠢᠯᠭᠡ᠂ ᠡᠩᠬᠡ ᠲᠠᠶᠢᠪᠣᠩ ᠪᠤᠳᠤᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠢᠷᠡᠬᠦ ᠵᠢᠯ ᠤᠨ ᠡᠯ᠎ᠡ ᠵᠦᠢᠯ ᠤᠨ ᠠᠵᠢᠯ ᠢ ᠭᠦᠨᠵᠡᠭᠡᠢ ᠪᠣᠳᠠᠲᠠᠢ ᠲᠥᠯᠥᠪᠵᠢᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ ᠴᠢᠨᠠᠷᠲᠠᠢ᠂ ᠬᠦᠳᠦᠯᠦᠨ ᠳᠠᠭᠠᠭᠤᠯᠬᠤ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ 2025 ᠣᠨ ᠤ ᠰᠠᠶᠢᠨ ᠡᠬᠢᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠃ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ 2025 ᠣᠨ ᠤ ᠭᠤᠤᠯᠳᠠᠯᠭ᠎ᠠ ᠲᠠᠢ ᠲᠥᠷᠥᠯ ᠵᠦᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠷᠥᠯ ᠵᠦᠢᠯ ᠤᠨ ᠨᠥᠭᠡᠴᠡ ᠶᠢ ᠨᠠᠷᠢᠨ ᠬᠢᠨᠠᠮᠠᠭᠠᠶ ᠰᠤᠳᠤᠯᠤᠨ ᠰᠦᠪᠡᠭᠴᠢᠯᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠬᠡᠷᠡᠭᠲᠡᠶ ᠭᠡᠵᠦ ᠵᠢᠭᠠᠪᠣᠷᠢᠯᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号