ᠡᠮᠤᠨ᠎ᠡ ᠹᠷᠣᠨᠲ ᠤᠨ ᠠᠵᠢᠯᠲᠠᠨ ᠠᠵᠢᠯᠴᠢᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ | ᠬᠠᠯᠠᠮᠵᠢᠯᠠᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠪᠠ ᠬᠤᠰᠢᠭᠤᠨ ᠤ | ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠲᠤᠯᠤᠳᠤ ᠰᠤᠮᠤᠨ ᠳᠤ ᠭᠦᠨᠵᠡᠭᠡᠶᠢᠷᠡᠨ᠂ ᠠᠵᠢᠯᠲᠠᠨ | ᠠᠵᠢᠯᠴᠢᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠡᠮᠴᠢ ᠵᠡᠭᠦᠦ ᠲᠥᠭᠡᠨᠡᠯᠭᠡ᠂ ᠢᠯᠢᠬᠦ ᠵᠡᠷᠭᠡ ᠮᠣᠩᠭᠤᠯ ᠡᠮᠨᠡᠯᠭᠡ ᠶᠢᠨ ᠲᠠᠪᠤᠨ ᠵᠠᠰᠠᠯ ᠤᠨ | ᠣᠨᠴᠠᠯᠢᠭᠲᠤ ᠡᠮᠴᠢᠯᠡᠭᠡ ᠪᠠᠷ ᠳᠠᠮᠵᠢᠭᠤᠯᠤᠨ ᠠᠵᠢᠯᠲᠠᠨ ᠠᠵᠢᠯᠴᠢᠨ ᠨᠢᠭᠡᠪᠦᠷᠢ ᠶᠢᠨ ᠠᠳᠠᠯᠢ ᠪᠤᠰᠤ ᠪᠠᠶᠢᠳᠠᠯ ᠲᠠᠢ | ᠤᠶᠠᠯᠳᠤᠭᠤᠯᠤᠨ ᠬᠠᠨᠳᠤᠯᠭᠠᠲᠤ ᠴᠢᠨᠠᠷᠲᠠᠶ ᠡᠮᠴᠢᠯᠡᠭᠡ ᠬᠢᠭᠰᠡᠨ ᠪᠥᠭᠡᠳ ᠠᠵᠢᠯᠲᠠᠨ ᠠᠵᠢᠯᠴᠢᠨ ᠤ ᠠᠵᠢᠯ ᠤᠨ ᠰᠢᠨᠵᠢ | ᠴᠢᠨᠠᠷ ᠲᠠᠢ ᠤᠶᠠᠯᠳᠤᠭᠤᠯᠤᠨ ᠡᠮᠴᠢᠯᠡᠭᠡᠨ ᠤ ᠰᠠᠨᠠᠭᠤᠯᠭ᠎ᠠ ᠭᠠᠷᠭᠠᠵᠤ᠂ ᠦᠨᠳᠦᠰᠦᠨ ᠱᠠᠲᠤᠨ ᠤ ᠠᠵᠢᠯᠲᠠᠨ | ᠠᠵᠢᠯᠴᠢᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠳᠤ ᠤᠯᠠᠮ ᠨᠢᠭᠡ ᠠᠯᠬᠤᠮ ᠬᠦᠴᠦᠨ | ᠨᠡᠮᠡᠷᠢᠯᠡᠪᠡ᠃ | | | |