ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠦᠨᠡᠯᠡᠨ ᠵᠢᠱᠢᠬᠦ ᠳᠤᠭᠤᠶᠢᠯᠠᠩ ᠤᠨ ᠬᠢᠨ ᠵᠠᠷᠤᠳ ᠬᠤᠰᠢᠭᠤᠨ ᠤ ᠣᠶ ᠰᠢᠭᠤᠶ ᠶᠢᠨ  ᠠᠬᠠᠯᠠᠭᠴᠢ ᠶᠢᠨ ᠲᠦᠷᠢᠮ ᠤᠨ ᠲᠤᠰᠬᠠᠶ ᠴᠠᠭᠳᠠᠨ ᠪᠠᠶᠢᠴᠠᠭᠠᠯᠲᠠ ᠪᠠ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠲᠠᠰ ᠲᠡᠪᠰᠢᠭᠦᠯᠤᠨ ᠴᠠᠭᠳᠠᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠬᠢᠪᠡ
ᠨᠡᠶᠢᠲᠡᠯᠡᠭᠰᠡᠨ ᠴᠠᠭ᠄
2024/12/6
     2 ᠰᠠᠷ᠎ᠠ ᠶᠢᠨ 5 ᠤ ᠡᠳᠦᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠭᠦᠸᠧ ᠯᠢ ᠬᠤᠩ ᠨᠠᠷ ᠵᠠᠷᠤᠳ ᠬᠤᠰᠢᠭᠤᠨ ᠳᠤ ᠢᠷᠡᠵᠦ᠂ ᠪᠥᠬᠦ ᠬᠤᠰᠢᠭᠤᠨ ᠤ ᠣᠶ ᠰᠢᠭᠤᠶ ᠶᠢᠨ ᠠᠬᠠᠯᠠᠭᠴᠢ ᠶᠢᠨ ᠲᠦᠷᠢᠮ ᠤᠨ ᠲᠤᠰᠬᠠᠶ ᠴᠠᠭᠳᠠᠨ ᠪᠠᠶᠢᠴᠠᠭᠠᠯᠲᠠ ᠪᠠ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠲᠠᠰ ᠳᠡᠪᠰᠢᠭᠦᠯᠦᠨ ᠴᠠᠭᠳᠠᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠬᠢᠪᠡ᠃     ᠦᠨᠡᠯᠡᠨ ᠵᠢᠱᠢᠬᠦ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠦᠷᠭᠦᠯᠵᠢᠯᠡᠨ ᠬᠦᠴᠦᠯᠡᠵᠦ᠂ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠵᠤ᠂ ︽ᠥᠩᠭᠡᠨ ᠲᠠᠯ᠎ᠠ ᠶᠢᠨ ᠠᠰᠠᠭᠤᠳᠠᠯ︾ ᠢ ᠰᠢᠢᠳᠪᠦᠷᠢᠯᠡᠬᠦ ᠠᠴᠠ ︽ᠦᠨᠳᠦᠰᠦ ᠰᠤᠷᠪᠤᠯᠵᠢ ᠶᠢᠨ ᠠᠰᠠᠭᠤᠳᠠᠯ︾ ᠢ ᠰᠢᠢᠳᠪᠦᠷᠢᠯᠡᠬᠦ ᠲᠡᠰᠢ ᠳᠡᠭᠡᠭᠰᠢᠯᠡᠭᠦᠯᠵᠦ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠥᠭᠡᠷᠡᠴᠢᠯᠡᠬᠦ︾ ᠶᠢ ᠵᠡᠷᠭᠡᠪᠡᠷ ᠠᠳᠬᠤᠬᠤ ᠶᠢ ᠠᠬᠢᠭᠤᠯᠵᠤ᠂ ᠪᠠᠶᠢᠩᠭᠤ ᠶᠢᠨ ᠪᠥᠭᠡᠳ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠠᠵᠢᠯ ᠤᠨ ᠠᠶᠢᠵᠠᠮ ᠢ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠡᠷᠴᠢᠮ ᠢᠶᠠᠨ ᠴᠢᠩᠭᠠᠳᠬᠠᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠤᠳᠠᠰᠤ︾ ᠶᠢ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠭᠦᠢᠴᠡᠳ ᠰᠠᠶᠢᠲᠤᠷ ᠬᠡᠷᠡᠭᠯᠡᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠩᠨᠡᠭᠡᠨ ᠤ ᠪᠠᠶᠢᠭᠤᠯᠤᠯᠲᠠ ᠲᠠᠢ ᠤᠶᠠᠯᠳᠤᠭᠤᠯᠵᠤ᠂ ᠡᠳᠦᠷ ᠲᠤᠲᠤᠮ ᠤᠨ ᠠᠵᠢᠯ ᠳᠤ ᠠᠭᠤᠰᠤᠯᠴᠠᠭᠤᠯᠵᠤ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠤ ᠠᠭᠤᠰᠤᠯᠴᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号