ᠤᠯᠤᠰ ᠲᠥᠷᠥ ᠶᠢᠨ ᠵᠥᠪᠯᠡᠯᠭᠡᠨ ᠤ ᠵᠠᠷᠤᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯ ᠵᠢᠴᠢ ᠲᠤᠰᠬᠠᠶ ᠰᠡᠳᠦᠪᠲᠦ ᠵᠥᠪᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2024/12/6
    12 ᠰᠠᠷ᠎ᠠ ᠶᠢᠨ 5 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠵᠠᠷᠤᠳ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠲᠠᠪᠤᠳᠤᠭᠠᠷ ᠬᠤᠷᠠᠯ ᠵᠢᠴᠢ ᠲᠤᠰᠬᠠᠶ ᠰᠡᠳᠦᠪᠲᠦ ᠵᠥᠪᠯᠡᠬᠦ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠠᠲᠤ ᠬᠤᠷᠠᠯ ᠳᠤ ᠣᠷᠣᠯᠴᠠᠨ ᠵᠢᠯᠣᠭᠤᠳᠴᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ ᠬᠤᠷᠠᠯ ᠡᠷᠬᠢᠯᠡᠨ ᠶᠠᠷᠢᠶ᠎ᠠ ᠲᠠᠯᠪᠢᠪᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠳ᠋ᠠ ᠫᠧᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠦᠩᠭᠦᠨᠬᠤᠸᠠᠷ᠂ ᠦ᠋ ᠰᠢᠶᠤᠤ᠂ ᠸᠠᠩ ᠴᠧᠩ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ  ᠣᠷᠤᠯᠴᠠᠪᠠ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠡᠰᠡᠭ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷᠴᠤᠳ ᠬᠤᠷᠠᠯ ᠳᠤ ᠰᠤᠯᠠ ᠣᠷᠣᠯᠴᠠᠪᠠ ᠃
1.jpg
     ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠮᠤᠵᠢ ᠣᠷᠣᠨ ᠤ ᠲᠠᠰ ᠤᠨ ᠭᠤᠤᠯ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠪᠠ︔ ᠮᠥᠩᠭᠦᠨᠬᠤᠸᠠᠷ ᠠᠴᠠ ︽ᠵᠠᠷᠤᠳ ᠬᠤᠰᠢᠭᠤᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠲᠦᠷᠭᠡᠳᠬᠡᠵᠦ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠶ᠎ᠠ︾ ᠭᠡᠬᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠳ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢᠨ ᠲᠣᠭᠤᠷᠢᠨ ᠳᠤ  ᠲᠤᠰᠬᠠᠶᠢᠯᠠᠨ ᠵᠥᠪᠳᠡᠯᠴᠡᠵᠦ ᠂ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠪᠠ᠃
2.jpg
     ᠪᠠᠲᠤ ᠬᠡᠯᠡᠭᠰᠡᠨ ᠨᠢ᠂ ᠬᠤᠭᠤᠴᠠᠭ᠎ᠠ ᠰᠣᠯᠢᠭᠰᠠᠨ ᠠᠴᠠ ᠨᠠᠰᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠬᠤᠰᠢᠭᠤᠨ ᠤ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠶᠡᠬᠡᠪᠡᠷ ᠳᠡᠮᠵᠢᠵᠦ᠂ ᠬᠢᠵᠢᠭ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ  ᠠᠩᠭᠢᠵᠢᠷᠠᠭᠤᠯᠥᠭ᠌ᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠠᠮᠵᠢᠯᠴᠠᠨ ᠬᠥᠭᠵᠢᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠠᠬᠢᠭᠤᠯᠬᠤ ᠵᠡᠷᠭᠡ ᠲᠠᠯ᠎ᠠ ᠪᠠᠷ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠃ ᠨᠥᠭᠦᠭᠡ ᠲᠠᠯ᠎ᠠ ᠪᠠᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠨ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠡᠭᠦᠷᠭᠡ  ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠵᠣᠬᠢᠶᠠᠨ ᠪᠠᠶᠢᠭᠤᠯᠤᠨ ᠪᠠᠶᠢᠴᠠᠭᠠᠨ ᠰᠤᠳᠤᠯᠤᠯᠲᠠ ᠬᠢᠬᠦ ᠶᠢ ᠦᠷᠬᠦᠯᠵᠢ ᠭᠦᠨᠵᠡᠭᠡᠢ ᠦᠷᠨᠢᠭᠦᠯᠵᠦ᠂ ᠡᠭᠦᠷᠭᠡ ᠴᠢᠳᠠᠪᠬᠢ ᠪᠠᠨ ᠪᠠᠳᠠᠷᠠᠭᠤᠯᠬᠤ ᠶᠢᠨ ᠲᠣᠭᠤᠷᠢᠨ ᠳᠤ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠰᠦᠪᠡᠭᠴᠢᠯᠡᠵᠦ᠂ ᠮᠠᠰᠢ ᠣᠯᠠᠨ ᠬᠤᠪᠢ ᠶᠢᠨ ᠵᠢᠩ ᠲᠠᠢ᠂ ᠦᠨ᠎ᠡ ᠥᠷᠲᠡᠭ ᠲᠠᠢ ᠰᠠᠨᠠᠯ ᠰᠠᠨᠠᠭᠤᠯᠭ᠎ᠠ ᠳᠤᠷᠠᠳᠴᠤ᠂ ᠬᠤᠰᠢᠭᠤᠨ ᠤ ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠤᠰᠢᠭᠤᠨ ᠤ ᠵᠠᠰᠠᠭ ᠤᠨ ᠣᠷᠳᠣᠨ ᠤ ᠪᠦᠲᠦᠮᠵᠢᠲᠡᠶ ᠵᠠᠰᠠᠭ ᠶᠠᠪᠤᠭᠤᠯᠬᠤ ᠳᠤ ᠴᠢᠬᠤᠯᠠ ᠦᠨᠳᠦᠰᠦᠯᠡᠯ ᠬᠠᠩᠭᠠᠭᠰᠠᠨ ᠪᠠᠶᠢᠨ᠎ᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠪᠠ ᠭᠡᠰᠢᠭᠦᠳ ᠦᠷᠭᠦᠯᠵᠢᠯᠡᠨ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠠᠵᠢᠯ ᠤᠨ ᠪᠠᠭᠤᠷᠠᠶ ᠭᠤᠭᠴᠤᠭ᠎ᠠ ᠶᠢ ᠴᠢᠩᠭ᠎ᠠ ᠠᠳᠬᠤᠵᠤ᠂ ᠵᠥᠪᠯᠡᠯᠭᠡ ᠬᠢᠵᠦ ᠬᠠᠮᠲᠤ ᠪᠠᠷ ᠠᠵᠢᠯᠯᠠᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠶᠢ ᠠᠬᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠵᠣᠷᠢᠭᠲᠠᠶ ᠪᠠᠷ ᠲᠦᠷᠦᠭᠦᠯᠡᠬᠦ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃
3.jpg
     ᠪᠠᠲᠤ ᠬᠡᠯᠡᠬᠦ ᠳᠡᠭᠡᠨ᠂ ᠰᠢᠨ᠎ᠡ ᠪᠠᠶᠢᠳᠠᠯ ᠪᠠ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠥᠬᠦ ᠬᠤᠰᠢᠭᠤᠨ ᠤ ᠪᠣᠳᠠᠲᠤ ᠪᠠᠶᠢᠳᠠᠯ ᠢ ᠤᠯᠠᠮ ᠨᠢᠭᠡ ᠠᠯᠬᠤᠮ ᠦᠨᠳᠦᠰᠦᠯᠡᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠴᠢᠩᠭ᠎ᠠ ᠠᠩᠬᠠᠷᠴᠤ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠬᠢᠬᠦ᠂ ᠰᠢᠢᠳᠪᠦᠷᠢᠲᠦ ᠪᠣᠳᠣᠯᠭ᠎ᠠ ᠶᠢᠨ ᠵᠠᠳᠠᠯᠤᠯᠲᠠ ᠬᠢᠬᠦ ᠪᠠ ᠠᠷᠭᠠᠴᠠᠭᠠᠬᠤ ᠪᠣᠳᠣᠯᠭ᠎ᠠ ᠶᠢᠨ ᠰᠤᠳᠤᠯᠭᠠᠨ ᠢ ᠰᠠᠶᠢᠲᠤᠷ ᠬᠢᠬᠦ ᠬᠡᠷᠡᠭᠲᠡᠶ᠃ ᠦᠨᠳᠦᠰᠦᠨ ᠱᠠᠲᠤᠨ ᠯᠤᠭ᠎ᠠ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠯᠦᠭᠡ ᠶᠢᠨ ᠨᠡᠪᠲᠡᠷᠡᠯᠴᠡᠬᠦ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠣᠷᠳᠣᠨ ᠬᠢᠭᠡᠳ ᠡᠯ᠎ᠡ ᠡᠲᠡᠭᠡᠳ ᠤᠨ ᠬᠥᠮᠦᠰ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠦᠨᠡᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠ ᠠᠰᠠᠭᠤᠳᠠᠯ ᠢ ᠣᠶᠢᠯᠠᠭᠠᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠢᠯᠡ ᠲᠣᠳᠣ ᠶᠢᠨ ᠬᠡᠮᠵᠢᠶ᠎ᠡ ᠪᠠ ᠤᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠶ᠃ ᠵᠠᠰᠠᠭ ᠤᠨ ᠣᠷᠳᠣᠨ ᠯᠤᠭ᠎ᠠ ᠶᠢᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠳᠠᠪᠠᠭᠤᠯᠢᠭ ᠢᠶᠠᠨ ᠪᠠᠳᠠᠷᠠᠭᠤᠯᠤᠨ᠂ ᠵᠠᠰᠠᠭ ᠤᠨ ᠣᠷᠳᠣᠨ ᠢ ᠢᠳᠡᠪᠬᠢᠲᠡᠶ ᠬᠠᠮᠵᠢᠨ ᠬᠠᠷᠢᠴᠠᠭ᠎ᠠ ᠶᠢ ᠵᠣᠬᠢᠴᠠᠭᠤᠯᠬᠤ᠂ ᠵᠥᠷᠢᠴᠡᠯ ᠢ ᠠᠷᠢᠯᠭᠠᠬᠤ ᠵᠡᠷᠭᠡ ᠠᠵᠢᠯ ᠢ ᠰᠠᠶᠢᠲᠤᠷ ᠬᠢᠵᠦ᠂ ᠲᠦᠭᠡᠮᠡᠯ ᠴᠢᠨᠠᠷᠲᠠᠶ᠂ ᠤᠷᠢᠳᠴᠢᠯᠠᠨ ᠰᠡᠷᠡᠮᠵᠢᠯᠡᠭᠦᠯᠬᠦ ᠴᠢᠨᠠᠷᠲᠠᠶ ᠠᠰᠠᠭᠤᠳᠠᠯ ᠢ ᠴᠠᠭ ᠲᠤᠬᠠᠶ ᠳᠤᠨᠢ ᠲᠤᠰᠬᠠᠵᠤ᠂ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠤᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠢᠳᠡᠪᠬᠢ ᠬᠦᠴᠦᠨ ᠨᠡᠮᠡᠷᠢᠯᠡᠬᠦ ᠬᠡᠷᠡᠭᠲᠡᠶ᠃ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠡᠰᠢᠭᠦᠳ ᠢ ᠳᠠᠶᠢᠴᠢᠯᠠᠨ ᠦᠨᠡᠨ ᠦᠭᠡ ᠬᠡᠯᠡᠬᠦ᠂ ᠰᠠᠶᠢᠨ ᠠᠷᠭ᠎ᠠ ᠤᠬᠠᠭᠠᠨ ᠰᠦᠪᠡᠭᠴᠢᠯᠡᠵᠦ᠂ ᠪᠣᠳᠠᠲᠠᠢ ᠠᠷᠭ᠎ᠠ ᠠᠪᠴᠢᠯ ᠠᠪᠬᠤ ᠰᠢᠯᠢᠳᠡᠭ ᠰᠤᠷᠲᠠᠯ ᠢᠶᠠᠷ ᠴᠢᠬᠤᠯᠠ ᠶᠡᠭᠡ ᠠᠵᠤ ᠦᠢᠯᠡᠰ᠂ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠬᠤᠳᠥᠯᠳᠦᠭᠠᠴᠢᠨ ᠤᠷᠢᠵᠤ ᠪᠡᠯᠡ ᠲᠠᠲᠠᠬᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠰᠢᠭᠦᠳ ᠤᠨ ᠰᠠᠨᠠᠯ ᠵᠥᠪᠯᠡᠯᠭᠡ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠬᠢᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠰᠠᠶᠢᠲᠤᠷ ᠬᠢᠵᠦ᠂ ᠰᠢᠢᠳᠪᠦᠷᠢᠯᠡᠬᠦ ᠶᠠᠰᠤ ᠴᠢᠨᠠᠷ ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠠᠷᠠᠳᠴᠢᠯᠠᠯ ᠢᠶᠠᠷ ᠦᠨᠡᠯᠡᠬᠦ ᠵᠡᠷᠭᠡ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠬᠢᠨ ᠠᠵᠢᠯ ᠤᠨ ᠰᠤᠷᠲᠠᠯ ᠢᠶᠠᠨ ᠨᠡᠩ ᠰᠠᠶᠢᠲᠤᠷ ᠬᠤᠪᠢᠷᠠᠭᠤᠯᠬᠤ ᠶᠢ ᠠᠬᠢᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠵᠥᠪᠯᠡᠬᠦ ᠠᠷᠠᠳᠴᠢᠯᠠᠯ ᠤᠨ ᠳᠦᠷᠢᠮ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠡᠯ᠎ᠡ ᠨᠠᠮ ᠪᠦᠯᠦᠭ ᠪᠦᠯᠬᠦᠮ ᠪᠠ ᠡᠯ᠎ᠡ ᠡᠲᠡᠭᠡᠳ ᠤᠨ ᠬᠥᠮᠦᠰ ᠲᠤ ᠵᠥᠪᠯᠡᠬᠦ ᠲᠠᠪᠴᠠᠩ ᠪᠠᠶᠢᠭᠤᠯᠵᠤ᠂ ᠵᠥᠪᠯᠡᠬᠦ ᠬᠡᠯᠪᠡᠷᠢ ᠶᠢ ᠪᠠᠶᠠᠯᠢᠭᠵᠢᠭᠤᠯᠵᠤ᠂ ᠠᠷᠠᠳᠴᠢᠯᠠᠯ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠠᠷᠠᠳ ᠣᠯᠠᠨ ᠤ ᠣᠷᠣᠯᠴᠠᠬᠤ ᠶᠢ ᠴᠢᠩᠭᠠᠳᠬᠠᠨ ᠂ ᠨᠡᠶᠢᠭᠡᠮ ᠵᠢᠷᠤᠮ ᠤᠨ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠭᠠᠴᠠᠭ᠎ᠠ ᠲᠣᠰᠬᠤᠨ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠱᠠᠲᠤᠨ ᠳᠤ ᠬᠡᠯᠡᠯᠴᠡᠬᠦ ᠰᠡᠳᠦᠪ ᠰᠣᠩᠭᠤᠵᠤ ᠰᠡᠳᠦᠪ ᠲᠣᠭᠲᠠᠭᠠᠬᠤ᠂ ᠲᠥᠰᠦᠯ ᠲᠣᠭᠲᠠᠭᠠᠬᠤ᠂ ᠪᠠᠶᠢᠴᠠᠭᠠᠨ ᠰᠤᠳᠤᠯᠬᠤ ᠶᠢ ᠪᠠᠭᠲᠠᠭᠠᠭᠰᠠᠨ ᠵᠥᠪᠯᠡᠬᠦ ᠶᠠᠪᠤᠴᠠ ᠶᠢ ᠰᠦᠪᠡᠭᠴᠢᠯᠡᠨ ᠪᠠᠶᠢᠭᠤᠯᠵᠤ᠂ ᠠᠷᠠᠳ ᠣᠯᠠᠨ ᠢ ᠦᠨᠡᠨᠬᠦ  ᠰᠢᠢᠳᠪᠦᠷᠢᠲᠦ ᠪᠣᠳᠣᠯᠭ᠎ᠠ ᠶᠢᠨ ᠭᠤᠤᠯ ᠴᠣᠭᠴᠠ ᠪᠣᠯᠭᠠᠬᠤ ᠬᠡᠷᠡᠭᠲᠡᠢ ᠭᠡᠪᠡ᠃
4.jpg
      ᠯᠢᠦ ᠶᠦᠩ ᠬᠡᠯᠡᠬᠦ ᠳᠡᠭᠡᠨ᠂ ᠭᠤᠤᠯ ᠠᠵᠢᠯ ᠳᠤ ᠨᠠᠩ ᠰᠠᠶᠢᠨ ᠦᠢᠯᠡᠴᠢᠯᠡᠬᠦ ᠶᠢᠨ ᠲᠣᠭᠤᠷᠢᠨ ᠳᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ ᠭᠡᠰᠢᠭᠦᠳ ᠤᠬᠠᠮᠰᠠᠷ ᠠᠴᠠ ᠪᠠᠨ ᠭᠤᠤᠯᠳᠠᠯᠭ᠎ᠠ ᠪᠠ ᠶᠡᠭᠡ ᠲᠠᠯ᠎ᠠ ᠶᠢᠨ ᠬᠡᠷᠡᠭᠴᠡᠭᠡ ᠶᠢ ᠤᠯᠤᠰ ᠲᠥᠷᠥ ᠶᠢᠨ ᠵᠥᠪᠯᠡᠯᠭᠡᠨ ᠤ ᠴᠢᠳᠠᠮᠵᠢ ᠲᠠᠢ ᠣᠷᠭᠠᠨᠢᠭ ᠢᠶᠠᠷ ᠤᠶᠠᠯᠳᠤᠭᠤᠯᠵᠤ᠂ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠬᠡᠷᠡᠭᠲᠡᠶ᠃ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠴᠢᠳᠠᠪᠬᠢ ᠵᠢᠨ‌‍ᠲ᠋ᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠡᠯ᠎ᠡ  ᠵᠦᠢᠯ ᠤᠨ ᠪᠠᠶᠢᠷᠢᠯᠠᠭᠤᠯᠤᠯᠲᠠ ᠶᠢ ᠦᠨᠡᠨ ᠬᠦ ᠬᠦᠴᠦᠲᠡᠶ ᠪᠦᠲᠦᠮᠵᠢᠲᠡᠶ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠳᠤᠮᠳᠠ ᠰᠢᠨ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢᠨ ᠲᠣᠭᠤᠷᠢᠨ ᠳᠤ᠂ ᠤᠨᠴᠠᠯᠢᠭᠳᠤ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠲᠠᠢ ᠢᠮᠠᠭᠲᠠ ᠨᠢᠭᠡ ᠰᠡᠳᠬᠢᠯ ᠨᠢᠭᠡ ᠵᠣᠷᠢᠭ ᠢᠶᠠᠷ᠂ ᠠᠳᠠᠯᠢ ᠴᠢᠭᠯᠡᠯ ᠢᠶᠠᠷ ᠬᠦᠴᠦᠯᠡᠵᠦ᠂ ᠣᠳᠣᠬᠠᠨ ᠤ ᠬᠤᠰᠢᠭᠤᠨ ᠤ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ  ᠦᠢᠯᠡᠳᠪᠦᠷᠢ ᠶᠢᠨ ᠬᠥᠭᠵᠢᠯᠲᠡ ᠵᠡᠷᠭᠡ ᠠᠵᠢᠯ ᠤᠨ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠦᠷᠭᠦᠯᠵᠢᠯᠡᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠪᠣᠳᠠᠲᠠᠶ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠣᠯᠠᠨ ᠲᠦᠮᠡᠨ ᠤ ᠬᠦᠰᠡᠯ ᠡᠷᠡᠮᠡᠯᠵᠡᠯ ᠤᠨ ᠲᠣᠭᠤᠷᠢᠨ ᠳᠤ ᠵᠠᠰᠠᠭ ᠲᠤ ᠲᠤᠰᠠᠯᠠᠵᠤ᠂ ᠲᠤᠰᠬᠠᠶ ᠮᠡᠷᠭᠡᠵᠢᠯ ᠤᠨ ᠳᠠᠪᠠᠭᠤᠯᠢᠭ ᠪᠠ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠤᠷ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠠ ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ᠪᠣᠳᠠᠲᠠᠶ ᠠᠰᠠᠭᠤᠳᠠᠯ ᠢ ᠪᠣᠳᠣᠯᠬᠢᠯᠠᠵᠤ᠂ ᠰᠠᠨᠠᠯ ᠳᠤᠷᠠᠳᠤᠯᠭ᠎ᠠ ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠨ ᠢᠳᠡᠪᠬᠢᠲᠡᠶ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠰᠦᠪᠡᠭᠴᠢᠯᠡᠵᠦ᠂ ᠣᠯᠠᠨ ᠲᠦᠮᠡᠨ ᠢ ᠦᠨᠡᠨ ᠬᠦ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠂ ᠵᠥᠪᠳᠡᠯᠴᠡᠨ ᠵᠥᠪᠯᠡᠬᠦ ᠵᠦᠢᠯ ᠢ ᠨᠠᠩ ᠬᠢᠷᠢ ᠲᠦᠪᠰᠢᠨ ᠲᠠᠢ᠂ ᠨᠠᠩ ᠣᠨᠴᠠᠯᠢᠭ ᠲᠠᠢ᠂ ᠨᠠᠩ ᠶᠡᠭᠡ ᠪᠣᠳᠠᠲᠤ ᠦᠷ᠎ᠡ ᠪᠦᠲᠦᠮᠵᠢ ᠲᠠᠢ ᠪᠣᠯᠭᠠᠬᠤ ᠶᠢ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号