ᠴᠢᠪᠠᠭᠠᠲᠤ ᠰᠤᠮᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/9
    ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠤᠯᠢ ᠶᠣᠰᠣᠭᠠᠷ ᠲᠤᠭ᠎ᠠ ᠪᠦᠷᠢᠳᠬᠡᠯ ᠬᠢᠵᠦ ᠲᠤᠭ᠎ᠠ ᠪᠦᠷᠢᠳᠬᠡᠯ ‍ᠤᠨ‌ᠬᠠᠤᠯᠢ ᠪᠠᠷ ᠵᠠᠰᠠᠬᠤ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 6 ᠤ ᠡᠳᠦᠷ᠂ ᠴᠢᠪᠠᠭᠠᠲᠤ ᠰᠤᠮᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1.jpg
     ᠠᠵᠢᠯᠲᠠᠳ ᠵᠠᠷᠤᠳ ᠬᠤᠰᠢᠭᠤᠨ ᠤ ︽ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠤᠯᠢ ᠶᠣᠰᠣᠭᠠᠷ ᠬᠠᠮᠠᠭᠠᠯᠠᠵᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ︾ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠠᠬᠤᠢ ᠲᠠᠯᠠᠪᠠᠶ ᠵᠢᠴᠢ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ ᠳᠤ ᠭᠦᠨᠵᠡᠭᠡᠶᠢᠷᠡᠵᠦ᠂ ᠬᠠᠷᠢᠶ᠎ᠠ ᠣᠷᠣᠨ ᠤ ᠣᠯᠠᠨ ᠲᠦᠮᠡᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠂ ᠵᠠᠰᠠᠪᠤᠷᠢ ᠣᠷᠣᠭᠤᠯᠤᠭᠰᠠᠨ ᠠᠭᠤᠯᠭ᠎ᠠ᠂ ᠴᠢᠬᠤᠯᠠ ᠠᠴᠢ ᠬᠤᠯᠪᠣᠭᠳᠠᠯ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠨᠢᠮᠪᠠᠢ ᠲᠠᠶᠢᠯᠤᠮᠵᠢ ᠬᠢᠵᠦ᠂ ᠣᠯᠠᠨ ᠲᠦᠮᠡᠨ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
2.jpg
     ᠲᠠᠷᠠᠭᠠᠴᠢ ᠶᠢᠨ ᠠᠯᠬᠤᠮ ᠳᠤ᠂ ᠴᠢᠪᠠᠭᠠᠲᠤ ᠰᠤᠮᠤ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯ ᠤᠨ ᠰᠢᠨᠵᠢᠯᠡᠬᠦ ᠤᠬᠠᠭᠠᠨᠴᠢ ᠴᠢᠨᠠᠷ ᠪᠠ ᠵᠢᠷᠤᠮᠵᠢᠯ ᠤᠨ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠥᠬᠦ ᠰᠤᠮᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠲᠤᠭ᠎ᠠ ᠪᠠᠷᠢᠮᠲᠠ ᠶᠢᠨ ᠲᠤᠯᠭᠠᠭᠤᠷᠢᠯᠠᠯ ᠪᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃
3.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号