| 12 ᠰᠠᠷ᠎ᠠ ᠶᠢᠨ 6 ᠤ ᠡᠳᠦᠷ᠂ ᠲᠦᠩᠯᠢᠶᠣᠤ ᠬᠤᠲᠠ ᠶᠢᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠠᠩ ᠰᠢᠶᠠᠨ ᠴᠧᠩ ᠵᠠᠷᠤᠳ ᠬᠤᠰᠢᠭᠤᠨ ᠤ ᠪᠠᠶᠢᠴᠠᠭᠠᠬᠤ | ᠬᠤᠷᠢᠶᠠᠨ ᠳᠤ ᠢᠷᠡᠵᠦ ︽ᠵᠥᠷᠢᠴᠡᠯ ᠵᠢᠭᠤᠷᠠᠯᠳᠤᠭᠠᠨ ᠢ ᠠᠷᠢᠯᠭᠠᠵᠤ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ︾ ᠲᠣᠰᠬᠠᠶᠢᠯᠠᠨ ᠵᠠᠰᠠᠬᠤ ᠠᠵᠢᠯ ᠢ ᠪᠠᠶᠢᠴᠠᠭᠠᠨ ᠰᠤᠳᠤᠯᠵᠤ᠂ ᠬᠠᠤᠯᠢ ᠴᠠᠭᠠᠵᠠ ᠶᠢᠨ ᠲᠣᠰᠠᠯᠠᠮᠵᠢ ᠪᠠ | ᠨᠡᠶᠢᠭᠡᠮ ᠤᠨ ᠳᠣᠰᠠᠯᠠᠮᠵᠢ ᠶᠢ ᠵᠣᠯᠭᠠᠭᠤᠯᠬᠤ ᠠᠵᠢᠯ ᠢ ᠵᠢᠯᠣᠭᠤᠳᠴᠤ᠂ ᠵᠠᠷᠤᠳ ᠬᠤᠰᠢᠭᠤᠨ ᠤ ᠠᠷᠠᠳ ᠤᠨ | ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠵᠥᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠵᠡᠷᠭᠡ ᠰᠠᠯᠠᠭ᠎ᠠ ᠮᠥᠴᠢᠷ ᠬᠢᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠰᠠᠭᠤᠳᠠᠯ ᠤᠨ ᠬᠤᠷᠠᠯ ᠳᠡᠭᠡᠷ᠎ᠡ᠂ ᠵᠠᠷᠤᠳ ᠬᠤᠰᠢᠭᠤᠨ ᠤ ᠪᠠᠶᠢᠴᠠᠭᠠᠬᠤ ᠬᠤᠷᠢᠶ᠎ᠠ ᠬᠢᠨ ᠲᠣᠰᠬᠠᠶᠢᠯᠠᠨ ᠵᠠᠰᠠᠬᠤ | ᠠᠵᠢᠯ᠂ ᠬᠠᠤᠯᠢ ᠴᠠᠭᠠᠵᠠ ᠶᠢᠨ ᠲᠣᠰᠠᠯᠠᠮᠵᠢ ᠶᠢᠨ ᠠᠵᠢᠯ᠂ ᠬᠠᠤᠯᠢ ᠴᠠᠭᠠᠵᠠ ᠶᠢᠨ ᠲᠣᠰᠠᠯᠠᠮᠵᠢ ᠪᠠ ᠨᠡᠶᠢᠭᠡᠮ ᠤᠨ | ᠲᠣᠰᠠᠯᠠᠮᠵᠢ ᠶᠢ ᠵᠣᠯᠭᠠᠭᠤᠯᠬᠤ ᠠᠵᠢᠯ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠷᠠᠯ ᠳᠤ | ᠣᠷᠣᠯᠴᠠᠭᠰᠠᠳ ᠪᠠᠶᠢᠴᠠᠭᠠᠬᠤ ᠪᠠᠶᠢᠭᠤᠯᠭ᠎ᠠ ᠪᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠤᠷᠭᠠᠨ | ᠬᠥᠮᠦᠵᠢᠯ ᠤᠨ ᠰᠠᠯᠠᠭ᠎ᠠ ᠮᠥᠴᠢᠷ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ | ᠨᠡᠶᠢᠭᠡᠮ ᠤᠨ ᠣᠯᠠᠨ ᠡᠰᠢᠲᠦ ᠬᠠᠮᠲᠤᠷᠠᠨ ᠲᠣᠰᠠᠯᠠᠭᠰᠠᠨ ᠨᠢᠭᠡᠨ ᠬᠠᠤᠯᠢ ᠴᠠᠭᠠᠵᠠ ᠶᠢᠨ ᠲᠣᠰᠠᠯᠠᠮᠵᠢ ᠶᠢᠨ | ᠬᠡᠷᠡᠭ ᠤᠨ ᠵᠢᠱᠢᠶ᠎ᠡ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠵᠤ᠂ ᠳᠣᠲᠣᠭᠠᠳᠤ ᠭᠠᠳᠠᠭᠠᠳᠤ ᠶᠢᠨ ᠬᠠᠮᠵᠢᠯᠴᠠᠭ᠎ᠠ ᠶᠢ | ᠴᠢᠩᠭᠠᠳᠬᠠᠵᠤ᠂ ᠳᠡᠭᠡᠳᠦ ᠳᠤᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ︽ᠪᠠᠶᠢᠴᠠᠭᠠᠬᠤ + N︾ ᠣᠯᠠᠨ | ᠡᠰᠢᠲᠦ ᠲᠣᠰᠠᠯᠠᠮᠵᠢ ᠶᠢᠨ ᠬᠠᠷᠢᠯᠴᠠᠬᠤ ᠲᠣᠭᠲᠠᠴᠠ ᠶᠢᠨ ᠪᠠᠶᠢᠭᠤᠯᠤᠯᠲᠠ᠂ ᠲᠣᠰᠠᠯᠠᠮᠵᠢ ᠶᠢᠨ ᠮᠥᠩᠭᠦ ᠶᠢ ᠬᠢᠨᠠᠨ | ᠬᠠᠮᠢᠶᠠᠷᠬᠤ᠂ ᠨᠠᠶᠢᠲᠠᠪᠣᠷᠢᠵᠢᠭᠤᠯᠬᠤ ᠮᠥᠷᠳᠡᠨ ᠬᠠᠮᠠᠭᠠᠯᠠᠬᠤ ᠵᠡᠷᠭᠡ ᠠᠵᠢᠯ ᠢ ᠥᠷᠨᠢᠭᠦᠯᠬᠦ ᠲᠤᠬᠠᠢ ᠰᠤᠳᠤᠯᠤᠨ | ᠶᠠᠷᠢᠯᠴᠠᠪᠠ᠃ | ᠯᠠᠩ ᠰᠢᠶᠠᠨ ᠴᠧᠩ ᠴᠢᠬᠤᠯᠠᠴᠢᠯᠠᠭᠰᠠᠨ ᠨᠢ᠂ ᠨᠢᠭᠡ ᠳᠤ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ | ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠡᠷᠢᠭᠦᠨ ᠴᠢᠬᠤᠯᠠ ᠬᠠᠷᠠᠯᠲᠠ ᠪᠣᠯᠭᠠᠬᠤ ᠬᠡᠷᠡᠭᠲᠡᠶ᠃ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠭᠡᠵᠦ᠂ ᠡᠯ᠎ᠡ ᠲᠦᠷᠦᠯ ᠤᠨ | ᠠᠶᠤᠯ ᠲᠦᠭᠰᠢᠭᠦᠷᠢ ᠶᠢᠨ ᠲᠠᠯᠳᠠ ᠭᠡᠮ ᠢ ᠴᠢᠩᠭ᠎ᠠ ᠠᠩᠬᠠᠷᠴᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠠᠷᠢᠯᠭᠠᠬᠤ ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠬᠡᠷᠡᠭ ᠢ ᠬᠦᠴᠦᠯᠡᠨ ᠰᠠᠶᠢᠲᠤᠷ | ᠰᠢᠢᠳᠪᠦᠷᠢᠯᠡᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠱᠤᠭᠤᠮ ᠢ ᠪᠠᠲᠤ ᠪᠠᠬᠢ ᠪᠠᠶᠢᠭᠤᠯᠬᠤ ᠬᠡᠷᠡᠭᠲᠡᠢ᠃ | ᠬᠤᠶᠠᠷ ᠲᠤ ᠬᠠᠤᠯᠢ ᠴᠠᠭᠠᠵᠠ ᠶᠢᠨ ᠲᠣᠰᠠᠯᠠᠮᠵᠢ ᠶᠢ ︽ᠠᠷᠠᠳ ᠤᠨ ᠶᠠᠪᠣᠳᠠᠯ ᠢ ᠪᠠᠶᠢᠴᠠᠭᠠᠨ ᠬᠠᠮᠠᠭᠠᠯᠠᠬᠤ︾ ᠶᠢᠨ | ᠴᠢᠬᠤᠯᠠ ᠭᠠᠷᠳᠠᠴᠠ ᠪᠣᠯᠭᠠᠬᠤ ᠬᠡᠷᠡᠭᠲᠡᠢ᠃ ︽ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ︾ ᠶᠢᠨ | ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠤᠨ ᠬᠠᠤᠯᠢ ᠴᠠᠭᠠᠵᠠ ᠶᠢᠨ ᠲᠣᠰᠠᠯᠠᠮᠵᠢ ᠶᠢᠨ | ᠪᠠᠴᠢᠮ ᠪᠠᠶᠢᠳᠠᠯ ᠢ ᠲᠣᠰᠠᠯᠠᠬᠤ ᠬᠦᠴᠢᠷᠳᠡᠯ ᠢ ᠰᠢᠢᠳᠪᠦᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠷᠡᠭ | ᠰᠢᠢᠳᠪᠦᠷᠢᠯᠡᠬᠦ ᠭᠤᠭᠴᠤᠭ᠎ᠠ ᠳᠤ ︽ᠲᠣᠰᠠᠯᠠᠪᠰᠤ ᠵᠣᠬᠢᠪᠠᠯ ᠶᠢ ᠳᠠᠷᠦ᠋ᠢᠬᠠᠨ ᠲᠣᠰᠠᠯᠠᠬᠤ︾᠂ ︽ ᠲᠣᠰᠠᠯᠠᠪᠠᠰᠤ | ᠵᠣᠬᠢᠬᠤ ᠪᠦᠬᠦᠨ ᠢ ᠨᠢ ᠲᠣᠰᠠᠯᠠᠬᠤ︾ ᠶᠢ ᠪᠡᠶᠡᠯᠡᠭᠦᠯᠵᠦ᠂ ᠣᠨᠣᠴᠠᠲᠠᠢ ᠲᠤᠰᠠᠯᠠᠬᠤ᠂ ᠪᠦᠲᠦᠮᠵᠢᠲᠡᠢ ᠲᠤᠰᠠᠯᠠᠬᠤ ᠶᠢ | ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠬᠡᠷᠡᠭᠲᠡᠢ᠃ ᠭᠤᠷᠪᠠ ᠳᠤ ︽ᠣᠯᠠᠨ ᠡᠰᠢᠲᠦ | ᠣᠯᠠᠨ ᠳᠡᠰ︾ ᠢ ᠬᠠᠤᠯᠢ ᠴᠠᠭᠠᠵᠠ ᠶᠢᠨ ᠲᠤᠰᠠᠯᠠᠮᠵᠢ ᠶᠢᠨ ᠪᠦᠲᠦᠮᠵᠢᠲᠡᠶ ᠠᠷᠭ᠎ᠠ ᠪᠠᠷᠢᠯ ᠪᠣᠯᠭᠠᠬᠤ ᠬᠡᠷᠡᠭᠲᠡᠢ᠃ | ᠳᠣᠲᠣᠭᠠᠳᠤ ᠶᠢᠨ ᠨᠢᠭᠡ ᠴᠣᠭᠴᠠᠵᠢᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠠ ᠭᠠᠳᠠᠭᠠᠳᠤ ᠲᠠᠢ | ᠬᠠᠮᠵᠢᠯᠴᠠᠬᠤ ᠬᠤᠯᠪᠣᠭᠠᠯᠠᠨ ᠬᠥᠳᠡᠯᠦᠯᠴᠡᠬᠦ ᠶᠢ ᠬᠦᠴᠦᠯᠡᠨ ᠴᠢᠩᠭᠠᠳᠬᠠᠵᠤ᠂ ᠬᠠᠤᠯᠢ ᠴᠠᠭᠠᠵᠠ ᠶᠢᠨ | ᠲᠣᠰᠠᠯᠠᠮᠵᠢ ᠶᠢᠨ ᠠᠵᠢᠯ ᠤᠨ ᠳᠠᠩ ᠴᠤᠯᠭᠤᠶ ᠠᠵᠤ ᠠᠬᠤᠶ ᠶᠢᠨ ᠲᠤᠰᠠᠯᠠᠮᠵᠢ ᠪᠠᠶᠢᠭᠰᠠᠨ ᠠᠴᠠ ᠪᠠᠨ ᠰᠡᠳᠬᠢᠴᠡ ᠶᠢᠨ | ᠬᠠᠪᠰᠤᠷᠤᠨ ᠵᠢᠯᠣᠭᠤᠳᠣᠯᠭ᠎ᠠ᠂ ᠬᠠᠤᠯᠢ ᠴᠠᠭᠠᠵᠠ ᠶᠢᠨ ᠲᠤᠰᠠᠯᠠᠮᠵᠢ᠂ ᠠᠮᠢᠳᠤᠷᠠᠯ ᠢ ᠬᠠᠪᠰᠤᠷᠤᠨ ᠲᠡᠳᠬᠦᠬᠦ ᠵᠡᠷᠭᠡ | ᠣᠯᠠᠨ ᠲᠠᠯ᠎ᠠ ᠠᠴᠠ ᠳᠡᠮᠵᠢᠯᠭᠡ ᠦᠵᠡᠭᠦᠯᠬᠦ ᠶᠢ ᠳᠡᠯᠭᠡᠷᠡᠭᠦᠯᠵᠦ᠂ ︽ᠪᠠᠶᠢᠴᠠᠭᠠᠬᠤ + N︾ ᠤ ᠠᠵᠢᠯ ᠤᠨ | ᠪᠠᠶᠢᠷᠢᠰᠢᠯ ᠢ ᠲᠠᠰᠤᠷᠠᠯᠲᠠ ᠥᠬᠡᠶ ᠥᠷᠭᠡᠳᠬᠡᠨ ᠤᠷᠲᠤᠳᠬᠠᠵᠤ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ | ᠰᠢᠢᠳᠪᠦᠷᠢᠯᠡᠬᠦ ᠲᠣᠭᠲᠠᠴᠠ ᠶᠢ ᠨᠡᠩ ᠲᠡᠭᠦᠯᠳᠡᠷᠵᠢᠭᠦᠯᠬᠦ ᠶᠢ ᠠᠬᠢᠭᠤᠯᠵᠤ᠂ ᠨᠠᠩ ᠥᠷᠭᠡᠨ ᠳᠡᠯᠭᠡᠷ ᠦᠨᠳᠦᠰᠦᠨ | ᠱᠠᠲᠤᠨ ᠤ ᠵᠠᠰᠠᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ︽ | ᠹᠧᠩ ᠴᠢᠶᠣᠤ ᠶᠢᠨ ᠲᠤᠷᠰᠢᠯᠭ᠎ᠠ︾ ᠶᠢ ᠦᠨᠡᠨ ᠬᠦ ᠡᠴᠦᠰ ᠲᠤᠨᠢ ᠲᠤᠯᠲᠠᠯ᠎ᠠ ᠪᠠᠳᠠᠷᠠᠭᠤᠯᠬᠤ ᠬᠡᠷᠡᠭᠲᠡᠢ ᠭᠡᠪᠡ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠠᠩ ᠰᠢᠶᠠᠨ ᠴᠧᠩ ᠵᠠᠷᠣᠳ ᠬᠤᠰᠢᠭᠤᠨ ᠤ ᠪᠠᠶᠢᠴᠠᠭᠠᠬᠤ | ᠬᠤᠷᠢᠶᠠᠨ ᠤ ᠬᠡᠷᠡᠭ ᠰᠢᠢᠳᠪᠦᠷᠢᠯᠡᠬᠦ ᠬᠥᠮᠦᠰ ᠲᠠᠢ ᠬᠠᠮᠲᠤ ᠪᠠᠶᠠᠷᠳᠤᠬᠤᠰᠢᠭᠤ ᠪᠠᠯᠭᠠᠰᠤᠨ ᠳᠤ ᠬᠦᠷᠴᠦ᠂ ᠬᠠᠤᠯᠢ | ᠴᠠᠭᠠᠵᠠ ᠶᠢᠨ ᠲᠣᠰᠠᠯᠠᠮᠵᠢ ᠶᠢᠨ ᠬᠡᠷᠡᠭ ᠤᠨ ᠲᠤᠬᠠᠶ ᠶᠢᠨ ᠬᠥᠮᠦᠨ ᠤ ᠬᠡᠷ ᠲᠤ ᠬᠦᠷᠴᠦ᠂ 71 ᠨᠠᠰᠤᠲᠠᠶ ᠥᠨᠥᠴᠢᠨ | ᠪᠡᠯᠪᠡᠰᠦᠨ ᠨᠠᠰᠤᠲᠠᠨ ᠢ ᠲᠣᠬᠤᠨᠢᠭᠤᠯᠵᠤ᠂ ᠬᠠᠶᠢᠷ᠎ᠠ ᠬᠠᠯᠠᠮᠵᠢ ᠬᠦᠷᠭᠡᠵᠦ᠂ 11 ᠨᠠᠰᠤᠲᠠᠶ ᠰᠤᠷᠤᠭᠴᠢᠳ ᠢ | ᠪᠣᠯᠭᠤᠭᠠᠨ ᠦᠵᠡᠵᠦ᠂ ᠬᠦᠯᠢᠴᠡᠩᠭᠦᠶ ᠪᠠᠷ ᠵᠣᠷᠢᠭᠵᠢᠭᠤᠯᠬᠤ ᠶᠢᠨ ᠬᠠᠮᠲᠤ ᠰᠡᠳᠬᠢᠴᠡ ᠶᠢᠨ ᠵᠢᠯᠣᠭᠤᠳᠣᠯᠭ᠎ᠠ ᠬᠢᠵᠦ᠂ | ᠰᠤᠷᠭᠠᠭᠤᠯᠢ᠂ ᠲᠣᠰᠬᠤᠨ ᠤ ᠠᠷᠠᠳ ᠤᠨ ᠵᠥᠪᠯᠡᠯ ᠵᠡᠷᠭᠡ ᠳᠤ ᠨᠠᠶᠢᠳᠠᠵᠤ ᠬᠠᠯᠠᠮᠵᠢᠯᠠᠨ ᠬᠠᠮᠠᠭᠠᠯᠠᠬᠤ ᠠᠵᠢᠯ ᠢ | ᠰᠠᠶᠢᠲᠤᠷ ᠬᠢᠯᠭᠡᠪᠡ᠃ |