| ᠵᠢᠯ ᠤᠨ ᠡᠴᠦᠰ ᠪᠣᠯᠬᠤ ᠳᠤ᠂ 2024 ᠣᠨ ᠤ ᠬᠥᠳᠡᠭᠡ ᠲᠣᠰᠬᠤᠨ ᠤ ᠬᠤᠷᠰᠢᠭᠰᠠᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ ᠰᠦᠢᠳᠬᠡᠯ ᠲᠤᠰᠢᠶᠠᠬᠤ ᠠᠵᠢᠯ ᠴᠤ ᠰᠢᠪᠲᠤᠷᠭᠠᠨ ᠳᠠᠭᠠᠨ ᠣᠷᠣᠵᠤ᠂ ᠵᠠᠷᠤᠳ | ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠠᠭ ᠴᠠᠭ ᠢᠶᠠᠨ ᠱᠠᠯᠠᠪᠳᠠᠨ ᠢᠯᠭᠠᠷᠠᠭᠤᠯᠤᠨ ᠳᠢᠭᠯᠡᠵᠦ | ᠂ ᠳᠠᠭᠠᠳᠬᠠᠯ ᠳᠤ ᠣᠷᠤᠭ᠎ᠠ ᠦᠭᠡᠢ ᠰᠠᠭᠤᠭᠠᠯᠢ ᠠᠷᠠᠳ ᠢ ᠳᠠᠭᠠᠳᠬᠠᠯ ᠳᠤ ᠢᠳᠡᠪᠬᠢᠲᠡᠢ ᠣᠷᠣᠯᠴᠠᠬᠤ ᠶᠢ ᠰᠢᠪᠠᠳᠠᠨ | ᠱᠠᠭᠠᠷᠳᠠᠵᠤ ᠪᠠᠶᠢᠨ᠎ᠠ᠃ ᠭᠡᠪᠡᠴᠦ ᠬᠡᠰᠡᠭ ᠭᠠᠴᠠᠭ᠎ᠠ ᠲᠣᠰᠬᠤᠨ ᠤ ᠠᠷᠠᠳ ᠲᠤ ᠠᠪᠴᠤ ᠬᠡᠯᠡᠪᠡᠯ᠂ ᠲᠣᠰᠬᠤᠨ ᠤ ︽ | ᠬᠤᠶᠠᠷ ᠵᠥᠪᠯᠡᠯ︾ ᠨᠢ ᠲᠡᠳᠡᠨ ᠤ ᠳᠠᠭᠠᠳᠬᠠᠯ ᠳᠤ ᠣᠷᠣᠯᠴᠠᠬᠤ ᠶᠠᠪᠤᠳᠠᠯ ᠢ ᠠᠯᠢ ᠡᠷᠲᠡ ᠰᠢᠢᠳᠪᠦᠷᠢᠯᠡᠭᠡᠳ᠂ | ᠲᠣᠰᠬᠤᠨ ᠤ ᠠᠷᠠᠳ ᠢᠶᠠᠷ ᠨᠢᠭᠡ ᠮᠦᠩᠬᠦ ᠵᠣᠭᠤᠰ ᠴᠤ ᠭᠠᠷᠭᠠᠭᠤᠯᠤᠭᠰᠠᠨ ᠦᠭᠡᠢ᠃ | ᠣᠶᠢᠷ᠎ᠠ ᠶᠢᠨ ᠵᠢᠯ ᠤᠳ ᠲᠤ᠂ ᠡᠦ ᠵᠢᠶᠠ ᠽᠢ ᠭᠠᠴᠠᠭ᠎ᠠ ᠶᠢᠨ ᠠᠵᠤ ᠦᠢᠯᠡᠰ ᠥᠷᠨᠢᠭᠦᠨ ᠬᠥᠭᠵᠢᠵᠦ᠂ | ᠭᠠᠴᠠᠭ᠎ᠠ ᠶᠢᠨ ᠬᠠᠮᠲᠤ ᠶᠢᠨ ᠠᠵᠤ ᠠᠬᠤᠢ ᠲᠠᠰᠤᠷᠠᠯᠲᠠ ᠦᠭᠡᠢ ᠪᠤᠵᠠᠭᠠᠶᠢᠷᠠᠪᠠ᠃ ᠲᠣᠰᠬᠤᠨ ᠤ ᠠᠷᠠᠳ ᠲᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠠᠰᠢᠭ︾ ᠢ ᠬᠠᠮᠲᠤᠪᠠᠷ ᠡᠳ᠋ᠯᠡᠭᠦᠯᠬᠦ ᠶᠢᠨ ᠲᠥᠯᠥᠭᠡ᠂ ᠲᠣᠰ | ᠭᠠᠴᠠᠭ᠎ᠠ ᠨᠢ ᠬᠠᠮᠲᠤ ᠶᠢᠨ ᠠᠵᠤ ᠠᠬᠤᠢ ᠶᠢᠨ ᠣᠷᠣᠯᠭ᠎ᠠ ᠠᠴᠠ ᠪᠠᠨ ᠬᠡᠰᠡᠭ ᠪᠡᠯᠡ ᠮᠥᠩᠭᠦ ᠭᠠᠷᠭᠠᠵᠤ᠂ | ᠲᠣᠰᠬᠤᠨ ᠤ ᠠᠷᠠᠳ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ ᠰᠦᠢᠳᠭᠡᠯ ᠢ ᠲᠤᠰᠢᠶᠠᠵᠤ ᠪᠠᠶᠢᠭ᠎ᠠ ᠨᠢ ᠣᠯᠠᠨ ᠤ ᠳᠠᠷᠤᠭᠠᠰᠤ ᠶᠢ ᠬᠥᠩᠭᠡᠯᠡᠭᠰᠡᠨ ᠢᠶᠠᠷ | ᠪᠠᠷᠠᠬᠤ ᠦᠭᠡᠢ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠡᠳᠦᠷ ᠢᠷᠡᠬᠦᠶ᠎ᠡ ᠬᠥᠭᠵᠢᠨ ᠪᠤᠵᠠᠭᠠᠶᠢᠷᠠᠭᠰᠠᠨ ᠠᠴᠠ | ᠪᠣᠯᠤᠭᠰᠠᠨ ᠠᠰᠢᠭ ᠲᠤᠰᠠ ᠶᠢ ᠲᠣᠰᠬᠤᠨ ᠤ ᠠᠷᠠᠳ ᠲᠤ ᠦᠨᠡᠨ ᠬᠦ ᠮᠡᠳᠡᠷᠡᠭᠦᠯᠦᠭᠰᠡᠨ ᠪᠠᠶᠢᠨ᠎ᠠ᠃ | ︽ᠮᠠᠨ ᠤ ᠭᠠᠴᠠᠭᠠᠨ ᠤ ︿ᠭᠤᠷᠪᠠᠨ ᠵᠥᠪᠯᠡᠯ﹀ ᠤᠨ ᠤᠳᠤᠷᠢᠳᠬᠤ ᠪᠠᠭ ᠬᠤᠷᠠᠯ ᠬᠢᠵᠦ᠂ ᠭᠠᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠳᠠᠮᠵᠢᠨ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠠᠷ | ᠳᠠᠮᠵᠢᠭᠤᠯᠤᠨ ᠬᠤᠷᠰᠢᠭᠰᠠᠨ ᠡᠮᠨᠡᠯᠭᠡ ᠶᠢᠨ ᠵᠠᠷᠤᠳᠠᠯ ᠢ ᠲᠤᠰᠢᠶᠠᠵᠤ᠂ ᠣᠳᠣ ᠨᠢᠭᠡᠨᠲᠡ ᠪᠦᠬᠦᠨ ᠢ ᠲᠤᠰᠢᠶᠠᠵᠤ | ᠳᠠᠭᠤᠰᠤᠭᠰᠠᠨ ᠪᠠᠶᠢᠨ᠎ᠠ᠃ ︾ ᠭᠠᠴᠠᠭᠠᠨ ᠤ ᠬᠠᠮᠲᠤ ᠶᠢᠨ ᠠᠵᠤ ᠠᠬᠤᠢ ᠠᠴᠠ ᠲᠣᠰᠬᠤᠨ ᠤ ᠠᠷᠠᠳ ᠤᠨ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠨᠦᠬᠦᠪᠦᠷᠢ ᠮᠦᠩᠬᠦ ᠥᠭᠬᠦ ᠲᠤᠬᠠᠢ ᠶᠠᠷᠢᠬᠤ ᠳᠤ ᠦ᠋ ᠵᠢᠶᠠ ᠽᠢ ᠭᠠᠴᠠᠭᠠᠨ ᠤ ᠨᠠᠮ ᠤᠨ ᠡᠭᠦᠷ ᠤᠨ ᠱᠦᠵᠢ ᠳᠠᠮᠤᠷᠢᠨ | ᠪᠠᠶᠠᠷᠲᠠᠢ ᠪᠠᠷ ᠬᠡᠯᠡᠪᠡ᠃ | ᠣᠶᠢᠷ᠎ᠠ ᠶᠢᠨ ᠵᠢᠯ ᠤᠳ ᠲᠤ᠂ ᠭᠡᠷᠴᠢᠯᠠᠭᠤ ᠰᠤᠮᠤ ᠶᠢᠨ ᠪᠠᠶᠠᠨᠪᠤᠯᠠᠭ ᠭᠠᠴᠠᠭ᠎ᠠ ᠬᠢᠨ ᠭᠠᠴᠠᠭ᠎ᠠ ᠶᠢᠨ ᠬᠠᠮᠲᠤ ᠶᠢᠨ | ᠠᠵᠤ ᠠᠬᠤᠢ ᠪᠠᠷ ᠠᠴᠢᠶᠠᠯᠠᠪᠤᠷᠢ ᠪᠣᠯᠭᠠᠨ᠂ ᠠᠳᠠᠯᠢᠳᠬᠠᠨ ᠰᠢᠯᠭᠠᠷᠠᠭᠤᠯᠬᠤ ᠳᠦᠷᠢᠮ ᠤᠨ ᠰᠢᠨ᠎ᠡ ᠶᠢ ᠡᠭᠦᠳᠴᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠦᠩᠬᠦ | ᠲᠤᠰᠢᠶᠠᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠭᠤᠸ᠎ᠠ ᠰᠠᠶᠢᠬᠠᠨ ᠬᠦᠷᠢᠶ᠎ᠡ | ᠬᠠᠰᠢᠶ᠎ᠠ ᠶᠢᠨ ᠪᠦᠲᠦᠭᠡᠨ ᠪᠠᠶᠢᠭᠤᠯᠤᠯᠲᠠ ᠶᠢ ᠡᠭᠦᠨ ᠳᠤ ᠠᠭᠤᠰᠬᠠᠨ ᠣᠷᠣᠭᠤᠯᠵᠤ᠂ ᠬᠠᠮᠲᠤ ᠶᠢᠨ ᠠᠵᠤ ᠠᠬᠤᠢ ᠶᠢᠨ | ︽ᠠᠰᠢᠭ ᠬᠤᠪᠢᠶᠠᠬᠤ︾ ᠠᠭᠤᠯᠤᠭᠳᠠᠬᠤᠨ ᠢ ᠲᠠᠰᠤᠷᠠᠯᠲᠠ ᠦᠭᠡᠢ ᠥᠷᠭᠡᠳᠬᠡᠨ ᠤᠷᠲᠤᠳᠬᠠᠵᠤ᠂ ᠮᠠᠯᠴᠢᠨ | ᠲᠠᠷᠢᠶᠠᠴᠢᠨ ᠳᠤ ᠬᠥᠭᠵᠢᠯᠲᠡ ᠶᠢᠨ ᠠᠰᠢᠭ ᠢ ᠬᠠᠮᠲᠤᠪᠠᠷ ᠡᠳ᠋ᠯᠡᠭᠦᠯᠪᠡ᠃ | ᠪᠠᠶᠠᠨᠪᠤᠯᠠᠭ ᠭᠠᠴᠠᠭᠠᠨ ᠤ ᠮᠠᠯᠴᠢᠨ ᠰᠥᠩ ᠰᠢᠶᠣᠣ ᠾᠦᠢ᠄ ︽ᠲᠣᠰᠬᠤᠨ ᠤ ᠠᠷᠠᠳ ᠪᠣᠯᠤᠭᠰᠠᠨ ᠤ | ᠬᠤᠪᠢ ᠳᠤ᠂ ᠭᠠᠴᠠᠭᠠᠨ ᠤ ᠤᠳᠤᠷᠢᠳᠤᠯᠭ᠎ᠠ ᠶᠢᠨ ᠰᠢᠢᠳᠪᠦᠷᠢ ᠶᠢ ᠪᠢ ᠮᠠᠰᠢ ᠳᠡᠮᠵᠢᠨ᠎ᠡ᠂ ᠢᠩᠭᠢᠭᠰᠡᠨ ᠢᠶᠠᠷ ᠮᠠᠨ ᠤ | ᠲᠣᠰᠬᠤᠨ ᠤ ᠣᠷᠴᠢᠨ ᠲᠣᠭᠤᠷᠢᠨ ᠭᠤᠶᠣ ᠰᠠᠶᠢᠬᠠᠨ ᠪᠣᠯᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ | ᠠᠰᠠᠷᠠᠮᠵᠢ ᠶᠢ ᠴᠤ ᠭᠥᠷᠳᠡᠪᠡ︾ ᠭᠡᠪᠡ᠃ | ᠭᠡᠷᠴᠢᠯᠠᠭᠤ ᠰᠤᠮᠤ ᠶᠢᠨ ᠪᠠᠶᠠᠨᠪᠤᠯᠠᠭ ᠭᠠᠴᠠᠭ᠎ᠠ ᠲᠠᠢ ᠠᠳᠠᠯᠢ ᠪᠠᠷ᠂ ᠪᠣᠷᠣᠬᠤᠰᠢᠭᠤ ᠭᠠᠴᠠᠭ᠎ᠠ ᠴᠤ᠂ ︽ᠨᠠᠮ ᠤᠨ | ᠪᠠᠶᠢᠭᠤᠯᠤᠯᠲᠠ ᠪᠠᠷ ᠬᠥᠲᠥᠯᠥᠨ ᠵᠢᠯᠤᠭᠤᠳᠬᠤ + ᠣᠯᠠᠨ ᠲᠦᠮᠡᠨ ᠣᠷᠣᠯᠴᠠᠬᠤ︾ ᠠᠷᠭ᠎ᠠ ᠮᠠᠶ᠋ᠢᠭ ᠢᠶᠠᠷ ᠳᠠᠮᠵᠢᠨ᠂ | ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ | ᠠᠰᠢᠭ ᠭᠥᠷᠳᠡᠬᠦ᠂ ᠣᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠬᠤᠶᠠᠷ ᠲᠠᠯ᠎ᠠ ᠪᠠᠷ ᠢᠶᠠᠨ | ᠠᠰᠢᠭ ᠭᠥᠷᠳᠡᠬᠦ ᠬᠠᠷᠠᠯᠲᠠ ᠶᠢ ᠪᠡᠶᠡᠯᠡᠭᠦᠯᠪᠡ᠃ ᠡᠭᠦᠨ ᠤ ᠬᠠᠮᠲᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ | ᠠᠰᠢᠭ ᠣᠷᠣᠯᠭ᠎ᠠ ᠶᠢ ᠠᠰᠢᠭᠯᠠᠨ ᠣᠯᠠᠨ ᠲᠦᠮᠡᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠥᠬᠦᠪᠦᠷᠢ | ᠥᠭᠴᠦ ᠰᠦᠢᠳᠬᠡᠯ ᠲᠤᠰᠢᠶᠠᠭᠰᠠᠨ ᠠᠴᠠ ᠭᠠᠳᠠᠨ᠎ᠠ ᠪᠠᠰᠠ ᠮᠠᠯᠴᠢᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠮᠦᠩᠬᠦ ᠶᠢ ᠨᠥᠬᠦᠪᠦᠷᠢᠯᠡᠨ ᠲᠤᠰᠢᠶᠠᠭᠰᠠᠨ ᠨᠢ ᠭᠠᠴᠠᠭᠠᠨ ᠤ ᠮᠠᠯᠴᠢᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠮᠠᠯᠴᠢᠳ ᠲᠤ ᠨᠢᠭᠡ ᠬᠤᠪᠢ | ᠠᠮᠤᠷ ᠲᠦᠪᠰᠢᠨ ᠪᠠ ᠡᠷᠡᠭᠦᠯ ᠮᠡᠨᠳᠦ ᠶᠢ ᠬᠠᠩᠭᠠᠭᠰᠠᠨ ᠪᠠᠶᠢᠨ᠎ᠠ᠃ | ︽ᠡᠨᠡ ᠵᠢᠯ ᠨᠢᠭᠡ ᠡᠷᠦᠬᠡ ᠳᠤ 400 ᠲᠥᠭᠦᠷᠢᠭ᠂ ᠨᠡᠶᠢᠲᠡ 20 ᠭᠠᠷᠤᠢ ᠲᠦᠮᠡᠨ ᠲᠥᠭᠦᠷᠢᠭ᠂ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ 4 ᠲᠦᠮᠡ ᠭᠠᠷᠤᠢ ᠲᠥᠭᠦᠷᠢᠭ ᠪᠠᠶᠢᠨ᠎ᠠ᠂ ᠲᠡᠲᠡᠨ ᠳᠤ 2009 ᠣᠨ | ᠠᠴᠠ ᠣᠳᠣ ᠪᠣᠯᠲᠠᠯ᠎ᠠ ᠲᠤᠰᠢᠶᠠᠵᠤ ᠪᠠᠶᠢᠨ᠎ᠠ᠂ ᠡᠭᠦᠨ ᠳᠤ ᠠᠷᠠᠳ ᠢᠷᠭᠡᠳ ᠴᠦ ᠰᠡᠳᠬᠢᠯ ᠬᠠᠨᠤᠮᠵᠢᠲᠠᠶ ᠪᠠᠶᠢᠨ᠎ᠠ᠃︾ | ᠭᠡᠵᠦ ᠪᠣᠷᠣᠬᠤᠰᠢᠭᠤ ᠭᠠᠴᠠᠭᠠᠨ ᠤ ᠨᠠᠮ ᠤᠨ ᠡᠭᠦᠷ ᠤᠨ ᠱᠦᠵᠢ ᠳᠦᠭᠦᠷᠡᠩᠪᠤᠯᠠᠭ ᠲᠠᠨᠢᠯᠴᠠᠭᠤᠯᠪᠠ᠃ | 2023 ᠣᠨ ᠳᠤ᠂ ᠪᠥᠬᠦ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠠᠷᠠᠯᠲᠠ | 98% ᠳᠤ ᠬᠦᠷᠴᠦ᠂ 246831 ᠬᠥᠮᠥᠨ ᠳᠠᠭᠠᠳᠬᠠᠯ ᠳᠤ ᠣᠷᠣᠯᠴᠠᠪᠠ᠃ ᠡᠭᠦᠨ ᠳᠤ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 215582 ᠪᠠᠶᠢᠵᠤ᠂ ᠠᠵᠢᠯᠲᠠᠨ | ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠬᠥᠮᠥᠨ 31249 ᠪᠠᠶᠢᠵᠤ᠂ ᠲᠦᠩᠯᠢᠶᠣᠣ ᠬᠤᠲᠠ ᠶᠢᠨ | ᠪᠠᠭᠤᠯᠭᠠᠭᠰᠠᠨ 95% ᠶᠢᠨ ᠳᠠᠭᠠᠳᠬᠠᠯ ᠳᠤ ᠣᠷᠣᠯᠴᠠᠬᠤ ᠡᠭᠦᠷᠭᠡ ᠬᠠᠷᠠᠯᠲᠠ ᠶᠢ ᠳᠠᠪᠠᠭᠤᠯᠤᠨ ᠪᠡᠶᠡᠯᠡᠭᠦᠯᠵᠦ᠂ | ᠣᠨᠴᠠ ᠬᠦᠴᠢᠷᠳᠡᠯᠲᠡᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠦᠨᠳᠦ ᠵᠡᠮᠳᠡᠭ ᠵᠡᠷᠭᠡ ᠣᠨᠴᠣᠭᠤᠢ | ᠬᠥᠮᠥᠰ ᠢ 100% ᠪᠠᠷ ᠳᠠᠭᠠᠳᠬᠠᠯ ᠳᠤ ᠣᠷᠣᠭᠤᠯᠪᠠ᠃ |