ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠨ ᠬᠡᠮ ᠰᠣᠭᠤᠭ ᠢ ᠦᠷᠭᠦᠯᠵᠢᠯᠡᠨ ᠪᠠᠶᠢᠴᠠᠭᠠᠵᠤ ᠴᠡᠭᠴᠡᠯᠡᠨ ᠵᠠᠰᠠᠵᠤ ᠠᠮᠤᠷ ᠲᠦᠪᠰᠢᠨ ᠤ ᠬᠠᠮᠠᠭᠠᠯᠠᠯᠲᠠ ᠶᠢᠨ ᠱᠤᠭᠤᠮ ᠢ ᠯᠠᠪᠳᠠᠭᠤᠨ ᠪᠠᠲᠤᠲᠠᠢ ᠰᠠᠬᠢᠪᠠ
ᠨᠡᠶᠢᠲᠡᠯᠡᠭᠰᠡᠨ ᠴᠠᠭ᠄
2024/2/1
    ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠨᠡᠶᠢᠭᠡᠮ ᠢ ᠲᠣᠭᠲᠠᠭᠤᠨ ᠪᠠᠶᠢᠯᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠶᠢᠨ ᠲᠦᠯᠦᠭᠡ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠨ ︽ᠤᠯᠠᠭᠠᠨ ᠱᠤᠭᠤᠮ ᠤᠨ ᠤᠬᠠᠮᠰᠠᠷ︾ ᠪᠠ ︽ᠬᠤᠷᠢᠭ᠎ᠠ ᠱᠤᠭᠤᠮ ᠤᠨ ᠰᠡᠳᠬᠢᠬᠦᠢ︾ ᠶᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠰᠢᠢᠳᠪᠦᠷᠢᠯᠡᠬᠦ᠂ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠢᠯᠭᠠᠷᠠᠭᠤᠯᠤᠨ ᠪᠠᠶᠢᠴᠠᠭᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠤᠷᠢᠳᠴᠢᠯᠠᠨ ᠰᠡᠷᠭᠡᠶᠢᠯᠡᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠪᠠ᠃     ᠥᠨᠳᠥᠷ ᠵᠣᠭᠰᠣᠴᠠ ᠪᠠᠷ ᠡᠮᠦᠨ᠎ᠡ ᠹᠷᠣᠨᠲ ᠶᠢ ᠬᠢᠨᠠᠨ ᠵᠢᠯᠣᠭᠤᠳᠪᠠ    1 ᠰᠠᠷ᠎ᠠ ᠶᠢᠨ 28 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠱᠠᠨ ᠬᠤᠸᠠ ᠴᠢ ᠡᠮᠦᠨ᠎ᠡ ᠨᠢ ᠵᠢᠯᠤᠭᠤᠳᠴᠤ᠂ ᠬᠤᠩ ᠰᠧᠨ ᠬᠤᠸᠠᠷ ᠫᠤᠤᠵᠢᠩ ᠤᠨ ᠺᠣᠮᠫᠠᠨᠢ᠂ ᠰᠢᠨ ᠱᠧᠩ ᠬᠤᠸᠠᠷ ᠫᠤᠤᠵᠢᠩ ᠤᠨ ᠺᠣᠮᠫᠠᠨᠢ᠂ ᠪᠥᠸᠧ ᠲᠦᠩ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ ᠠᠭᠤᠷᠬᠠᠢ ᠶᠢᠨ ᠳᠡᠯᠪᠡᠷᠡᠯᠲᠡ ᠲᠠᠢ ᠬᠤᠯᠪᠣᠭᠳᠠᠬᠤ ᠡᠳ᠋ ᠪᠣᠳᠠᠰ ᠤᠨ ᠬᠠᠮᠢᠶᠠᠷᠤᠯᠲᠠ ᠵᠢᠴᠢ ᠠᠶᠤᠯᠭᠦᠢ ᠪᠠᠷᠢᠯᠭ᠎ᠠ ᠶᠢᠨ ᠪᠠᠶᠢᠳᠠᠯ᠂ ᠠᠶᠤᠯ ᠲᠠᠢ ᠳᠡᠯᠪᠡᠷᠡᠬᠦ ᠡᠳ᠋ ᠪᠣᠳᠠᠰ ᠢ ᠬᠠᠳᠠᠭᠠᠯᠠᠭᠰᠠᠨ᠂ ᠬᠥᠮᠥᠷᠭᠡ ᠳᠤ ᠣᠷᠣᠭᠤᠯᠵᠤ ᠭᠠᠷᠭᠠᠭᠰᠠᠨ ᠢ ᠳᠠᠩᠰᠠᠯᠠᠭᠰᠠᠨ᠂ ᠬᠠᠮᠢᠶᠠᠷᠴᠤ ᠬᠡᠷᠡᠭᠯᠡᠭᠰᠡᠨ ᠪᠠᠶᠢᠳᠠᠯ᠂ ᠭᠠᠯ ᠤᠨᠲᠠᠷᠠᠭᠠᠬᠤ ᠲᠥᠬᠦᠭᠡᠷᠦᠮᠵᠢ ᠵᠢᠴᠢ ᠬᠤᠯᠪᠣᠭᠳᠠᠯ ᠪᠦᠬᠦᠢ ᠵᠥᠪᠰᠢᠶᠡᠷᠡᠯ ᠤᠨ ᠦᠨᠡᠮᠯᠡᠯ ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠠᠶᠤᠯ ᠲᠠᠢ  ᠬᠤᠯᠪᠣᠭᠳᠠᠬᠤ ᠳᠡᠯᠪᠡᠷᠡᠯᠲᠡ ᠲᠠᠢ ᠬᠤᠯᠪᠣᠭᠳᠠᠬᠤ ᠠᠵᠤ ᠠᠬᠤᠶᠢᠯᠠᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢᠨ ᠠᠵᠢᠯᠯᠠᠭ᠎ᠠ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠵᠦᠢᠯ ᠳᠠᠷᠠᠭᠠᠯᠠᠨ ᠪᠠᠶᠢᠴᠠᠭᠠᠪᠠ᠃ ᠪᠠᠶᠢᠴᠠᠭᠠᠯᠲᠠ ᠶᠢᠨ ᠳᠤᠮᠳᠠ᠂ ᠠᠵᠤ ᠠᠬᠤᠶᠢᠯᠠᠯ ᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠠᠵᠢᠯᠲᠠᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ᠂ ᠶᠡᠭᠡ ᠲᠠᠯ᠎ᠠ ᠠᠴᠠ ᠠᠮᠤᠷ ᠲᠦᠪᠰᠢᠨ ᠤ ᠬᠠᠷᠢᠭᠤᠴᠠᠯᠭ᠎ᠠ ᠲᠠᠶᠢᠱᠠᠨ ᠠᠭᠤᠯᠠᠨ ᠠᠴᠠ ᠬᠦᠨᠳᠦ ᠪᠠᠶᠢᠬᠤ ᠤᠬᠠᠮᠰᠠᠷ ᠢ ᠪᠤᠢ ᠪᠣᠯᠭᠠᠬᠤ ᠬᠡᠷᠡᠭᠲᠡᠢ︔ ᠠᠮᠤᠷ ᠲᠦᠪᠰᠢᠨ ᠢᠶᠠᠷ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭ᠎ᠠ᠂ ᠪᠣᠳᠠᠲᠠᠢ᠂ ᠨᠠᠷᠢᠯᠢᠭ ᠥᠷᠨᠢᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠪᠦᠬᠦᠨ ᠢ ᠬᠠᠮᠣᠷᠬᠤ ᠡᠷᠡᠰ ᠪᠡᠶᠡᠯᠡᠭᠦᠯᠬᠦ ᠬᠡᠷᠡᠭᠲᠡᠢ︔ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠲᠠᠯᠳᠠ ᠭᠡᠮ ᠢ ᠡᠬᠢ ᠡᠭᠦᠰᠦᠯ ᠠᠴᠠ ᠨᠢ ᠠᠷᠢᠯᠭᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ  ᠬᠤᠷᠢᠭᠯᠠᠬᠤ ᠬᠡᠷᠡᠭᠲᠡᠢ ᠭᠡᠪᠡ᠃     ᠤᠰᠤ ᠴᠠᠬᠢᠯᠭᠠᠨ ᠲᠣᠰᠣ ᠬᠡᠢ ᠶᠢᠨ ᠠᠵᠢᠯ ᠲᠦᠷᠦᠯ ᠤᠨ ᠠᠶᠣᠯᠭᠦᠢ ᠪᠠᠶᠢᠴᠠᠭᠠᠯᠲᠠ ᠬᠢᠪᠡ     ᠠᠮᠤᠷ ᠢ ᠬᠠᠮᠠᠭᠠᠯᠠᠬᠤ ᠶᠡᠭᠡ ᠠᠩᠭᠢ᠂ ᠲᠣᠮᠢᠯᠠᠭᠰᠠᠨ ᠰᠠᠯᠪᠤᠷᠢ ᠨᠢ ᠤᠰᠤ ᠬᠠᠩᠭᠠᠬᠤ ᠺᠣᠮᠫᠠᠨᠢ᠂ ᠴᠠᠬᠢᠯᠭᠠᠨ ᠬᠠᠩᠭᠠᠬᠤ ᠺᠣᠮᠫᠠᠨᠢ᠂ ᠲᠣᠰᠣ ᠨᠡᠮᠡᠬᠦ ᠥᠷᠲᠡᠭᠡ ᠵᠡᠷᠭᠡ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ ᠬᠤᠯᠪᠣᠭᠳᠠᠬᠤ ︽ᠤᠰᠤ ᠴᠠᠬᠢᠯᠭᠠᠨ ᠲᠣᠰᠣ ᠬᠡᠢ︾ ᠶᠢᠨ ᠭᠤᠣᠯᠳᠠᠯᠭ᠎ᠠ ᠲᠠᠢ ᠠᠵᠢᠯ ᠲᠥᠷᠥᠯ ᠳᠤ ᠭᠦᠨᠵᠡᠭᠡᠶᠢᠷᠡᠵᠦ᠂ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠭᠰᠡᠨ ᠪᠠᠶᠢᠳᠠᠯ᠂ ᠠᠮᠤᠷ ᠲᠦᠪᠰᠢᠨ ᠤ ᠪᠡᠯᠡᠳᠭᠡᠮᠵᠢ ᠲᠥᠬᠦᠭᠡᠷᠦᠮᠵᠢ ᠶᠢ ᠲᠣᠬᠢᠷᠠᠭᠤᠯᠤᠭᠰᠠᠨ ᠪᠠᠶᠢᠳᠠᠯ᠂ ᠰᠤᠯᠠ ᠰᠠᠪᠠᠯᠠᠭᠰᠠᠨ ᠴᠢᠶ᠋ᠢᠦ ᠣᠷᠣᠭᠤᠯᠬᠤ ᠪᠣᠷᠣᠯᠠᠭᠤᠯᠬᠤ ᠬᠠᠮᠢᠶᠠᠷᠤᠯᠲᠠ ᠶᠢᠨ ᠡᠬᠡ ᠳᠠᠩᠰᠠ ᠪᠣᠯᠣᠨ ᠡᠯ᠎ᠡ ᠵᠦᠢᠯ ᠤᠨ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠬᠦᠴᠦᠳᠡᠯ ᠥᠭᠡᠷᠡᠴᠢᠯᠡᠬᠦ ᠥᠷᠲᠡᠭᠡᠨ ᠤ ᠳᠣᠲᠣᠭᠠᠳᠤ ᠶᠢᠨ ᠴᠠᠬᠢᠯᠭᠠᠨ ᠲᠦᠭᠡᠭᠡᠬᠦ ᠲᠠᠰᠤᠭ᠂ ᠡᠵᠡᠮᠰᠢᠯ ᠤᠨ ᠲᠠᠰᠤᠭ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠵᠡᠷᠭᠡ ᠭᠤᠣᠯᠳᠠᠯᠭ᠎ᠠ ᠲᠠᠢ ᠴᠢᠬᠤᠯᠠ ᠭᠠᠵᠠᠷ ᠤᠨ ᠬᠥᠮᠥᠨ ᠤ  ᠬᠦᠴᠦ ᠪᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠳᠠᠷᠤᠶᠢᠬᠠᠨ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢ ᠨᠠᠶᠢᠲᠠᠪᠣᠷᠢᠵᠢᠭᠤᠯᠵᠤ᠂ ᠲᠤᠰ ᠤᠳᠠᠭ᠎ᠠ ᠤᠰᠤ ᠴᠠᠬᠢᠯᠭᠠᠨ ᠲᠣᠰᠣ ᠬᠡᠢ ᠶᠢᠨ ᠠᠵᠤ ᠠᠬᠤᠶᠢᠯᠠᠯ ᠤᠨ 40 ᠭᠠᠷᠤᠢ ᠨᠢᠭᠡᠴᠡ ᠶᠢ ᠪᠠᠶᠢᠴᠠᠭᠠᠵᠤ᠂ 15 ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ᠂ ︽ᠳᠣᠲᠣᠭᠠᠳᠤ ᠶᠢᠨ ᠠᠮᠤᠷ ᠢ ᠬᠠᠮᠠᠭᠠᠯᠠᠬᠤ ᠳᠦᠷᠢᠮ︾  ᠤᠨ ᠱᠠᠭᠠᠷᠳᠠᠯᠭ᠎ᠠ ᠶᠣᠰᠣᠭᠠᠷ 2 ᠭᠠᠵᠠᠷ ᠢ ᠴᠡᠭᠴᠡᠯᠡᠨ ᠰᠠᠶᠢᠵᠢᠷᠠᠭᠤᠯᠵᠤ᠂ 13 ᠭᠠᠵᠠᠷ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠤᠰᠤ ᠴᠠᠬᠢᠯᠭᠠᠨ ᠲᠣᠰᠣ ᠬᠡᠢ ᠶᠢᠨ ᠭᠤᠣᠯᠳᠠᠯᠭ᠎ᠠ ᠲᠠᠢ ᠨᠢᠭᠡᠴᠡ ᠶᠢᠨ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠶᠢ ᠣᠯᠠᠮ ᠨᠢᠭᠡ ᠠᠯᠬᠤᠮ ᠵᠢᠷᠣᠮᠵᠢᠭᠤᠯᠪᠠ᠃     ᠶᠢᠰᠦᠨ ᠵᠢᠵᠢᠭ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠴᠡᠭᠴᠡᠯᠡᠨ ᠵᠠᠰᠠᠯᠲᠠ ᠬᠢᠪᠡ     ᠣᠶᠢᠷ᠎ᠠ ᠶᠢᠨ ᠬᠤᠭᠤᠴᠠᠭᠠᠨ ᠤ ᠭᠠᠯ ᠤᠨ ᠭᠠᠮᠰᠢᠭ ᠤᠨ ᠠᠳᠡᠯ ᠤᠨ ᠰᠤᠷᠭᠠᠮᠵᠢ ᠶᠢ ᠠᠪᠴᠤ ︽ᠶᠢᠰᠦᠨ ᠵᠢᠵᠢᠭ ᠲᠠᠯᠠᠪᠤᠷ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠳᠠᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠭᠠᠵᠠᠷ ᠪᠣᠯᠭᠠᠨ ᠬᠦᠷᠦᠮᠡᠭᠴᠡ ᠠᠷᠠᠳ ᠤᠨ ᠴᠠᠭᠳᠠᠭ᠎ᠠ ᠠᠴᠠ ᠲᠠᠯᠠᠪᠤᠷ ᠭᠠᠵᠠᠷ ᠤᠨ ᠠᠮᠤᠷ ᠲᠦᠪᠰᠢᠨ ᠤ ᠭᠠᠷᠬᠤ ᠡᠭᠦᠳᠡ ᠶᠢᠨ ᠲᠠᠷᠬᠠᠭᠠᠨ ᠶᠠᠪᠤᠭᠤᠯᠬᠤ ᠵᠠᠮ ᠰᠠᠭᠠᠳ ᠦᠭᠡᠢ ᠨᠡᠪᠲᠡᠷᠡᠭᠰᠡᠨ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠪᠦᠷᠢᠨ ᠭᠦᠢᠴᠡᠳ ᠪᠥᠭᠡᠳ ᠲᠣᠭᠲᠠᠭᠠᠯ ᠳᠤ ᠨᠡᠶᠢᠴᠡᠭᠰᠡᠨ ᠡᠰᠡᠬᠦ᠂ ᠭᠠᠯ ᠬᠡᠷᠡᠭᠯᠡᠬᠦ ᠴᠠᠬᠢᠯᠭᠠᠨ ᠬᠡᠷᠡᠭᠯᠡᠬᠦ ᠨᠢ ᠵᠢᠷᠤᠮᠵᠢᠯ ᠲᠠᠢ ᠡᠰᠡᠬᠦ᠂ ᠭᠠᠯ ᠤᠨᠲᠠᠷᠠᠭᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠪᠠᠶᠢᠴᠠᠭᠠᠬᠤ ᠬᠤᠭᠤᠴᠠᠭᠠᠨ ᠳᠤ᠂ ᠠᠷᠠᠳ ᠤᠨ ᠴᠠᠭᠳᠠᠭ᠎ᠠ ᠠᠴᠠ ᠲᠠᠯᠠᠪᠤᠷ ᠭᠠᠵᠠᠷ ᠤᠨ ᠬᠠᠷᠢᠭᠤᠴᠠᠯᠭ᠎ᠠ ᠶᠢᠨ ᠭᠤᠣᠯ ᠴᠣᠭᠴᠠ ᠳᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠷᠠᠭᠤᠯᠤᠨ᠂ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠢ ᠰᠢᠮᠳᠠᠭᠤᠯᠵᠤ ᠪᠠᠶᠢᠭᠠᠳ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠭᠦᠯᠵᠦ᠂ ︽ᠪᠠᠭ᠎ᠠ ᠭᠠᠯ ᠢᠶᠠᠷ ᠦᠬᠦᠭᠰᠡᠨ︾ ᠵᠢᠴᠢ ᠬᠦᠨᠳᠦ ᠶᠡᠭᠡ ᠭᠠᠯ ᠤᠨ ᠭᠠᠮᠰᠢᠭ ᠤᠨ ᠪᠠᠶᠢᠳᠠᠯ ᠡᠭᠦᠰᠬᠦ ᠶᠢ ᠡᠷᠡᠰ ᠬᠤᠷᠢᠭᠯᠠᠵᠤ᠂ ᠳᠠᠯᠳᠠ ᠬᠡᠮ ᠢ ᠦᠨᠡᠨᠬᠦ ᠠᠷᠢᠯᠭᠠᠪᠠ᠃ ᠲᠣᠰ ᠤᠳᠠᠭᠠᠨ ᠤ ᠪᠠᠶᠢᠴᠠᠭᠠᠯᠲᠠ ᠳᠤ 180 ᠴᠠᠭᠳᠠᠭ᠎ᠠ᠂ 60 ᠲᠡᠷᠭᠡ ᠬᠥᠰᠬᠡ ᠂ 274 ᠲᠠᠯᠠᠪᠤᠷ ᠭᠠᠵᠠᠷ ᠢ ᠪᠠᠶᠢᠴᠠᠭᠠᠵᠤ ᠂ 79 ᠠᠰᠠᠭᠤᠳᠠᠯ  ᠢ ᠢᠯᠡᠷᠡᠭᠦᠯᠵᠦ᠂ 55 ᠭᠠᠵᠠᠷ ᠢ ᠳᠠᠷᠤᠢ ᠲᠦᠷᠭᠡᠨ ᠢᠶᠠᠷ ᠴᠡᠭᠴᠡᠯᠡᠨ ᠥᠭᠡᠷᠡᠴᠢᠯᠡᠵᠦ᠂ 24 ᠭᠠᠵᠠᠷ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠦᠭᠡᠷᠡᠴᠢᠯᠡᠭᠦᠯᠪᠡ᠃     ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠬᠠᠮᠲᠤᠷᠠᠨ ᠪᠠᠶᠢᠴᠠᠭᠠᠪᠠ     ᠮᠠᠨ ᠤ ᠲᠣᠪᠴᠢᠶ᠎ᠠ ᠬᠢᠨ ᠰᠤᠷᠭᠠᠨ ᠬᠥᠮᠦᠵᠢᠯ ᠪᠡᠶ᠎ᠡ ᠲᠠᠮᠢᠷ᠂ ᠰᠣᠶᠣᠯ ᠵᠢᠭᠤᠯᠴᠢᠯᠠᠯ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠪᠥᠬᠦ ᠬᠤᠰᠢᠭᠤᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠪᠠᠶᠢᠴᠠᠭᠠᠬᠤ ᠶᠠᠪᠤᠴᠠ ᠳᠤ ᠭᠠᠯ ᠤᠨᠲᠠᠷᠠᠭᠠᠬᠤ ᠲᠥᠬᠦᠭᠡᠷᠦᠮᠵᠢ  ᠶᠢ ᠪᠦᠷᠢᠨ ᠲᠣᠬᠢᠷᠠᠭᠤᠯᠤᠭᠰᠠᠨ ᠡᠰᠡᠬᠦ᠂ ᠳᠡᠯᠪᠡᠷᠡᠯᠲᠡ ᠶᠢ ᠰᠡᠷᠭᠡᠶᠢᠯᠡᠬᠦ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠡᠰᠡᠬᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠨᠢ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ ᠵᠡᠷᠭᠡ ᠠᠰᠠᠭᠤᠳᠠᠯ ᠢ ᠭᠦᠨᠵᠡᠭᠡᠢ ᠪᠥᠭᠡᠳ ᠨᠠᠷᠢᠨ ᠨᠢᠮᠪᠠᠢ ᠬᠢᠨᠠᠨ ᠵᠢᠯᠣᠭᠤᠳᠪᠠ᠂ ᠲᠣᠰ ᠤᠳᠠᠭᠠᠨ ᠤ ᠪᠠᠶᠢᠴᠠᠭᠠᠯᠲᠠ ᠳᠤ ᠰᠤᠷᠭᠠᠭᠤᠯᠢ ᠶᠢᠨ ᠭᠠᠳᠠᠨᠠᠬᠢ ᠵᠢᠵᠢᠭ ᠬᠤᠭᠤᠯᠠᠨ ᠰᠢᠷᠡᠭᠡ᠂ ᠬᠤᠪᠢ ᠬᠥᠮᠥᠨ ᠤ ᠨᠣᠮ ᠤᠨ ᠰᠠᠩ ᠵᠡᠷᠭᠡ ᠶᠢ ᠨᠡᠶᠢᠲᠡ 6 ᠪᠠᠶᠢᠴᠠᠭᠠᠵᠤ᠂ ︽ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠶᠢᠨ ᠠᠮᠤᠷ ᠢ ᠬᠠᠮᠠᠭᠠᠯᠠᠬᠤ ᠳᠦᠷᠢᠮ︾ ᠢ ᠦᠨᠳᠦᠰᠦᠯᠡᠨ 4 ᠭᠠᠵᠠᠷ ᠢ ᠴᠡᠭᠴᠡᠯᠡᠨ ᠵᠠᠰᠠᠵᠤ᠂ 10 ᠠᠰᠠᠭᠤᠳᠠᠯ ᠢ ᠢᠯᠡᠷᠡᠭᠦᠯᠵᠦ᠂ ᠠᠬᠤᠢ ᠲᠠᠯᠠᠪᠠᠢ ᠳᠤ 2 ᠭᠠᠵᠠᠷ ᠢ ᠴᠡᠭᠴᠡᠯᠡᠨ ᠵᠠᠰᠠᠵᠤ᠂ ᠲᠣᠭᠲᠠᠭᠰᠠᠨ ᠬᠤᠭᠤᠴᠠᠭᠠᠨ ᠳᠤ ᠵᠠᠷᠯᠢᠭᠳᠠᠵᠤ ᠪᠠᠶᠢᠭᠠᠳ 8 ᠭᠠᠵᠠᠷ ᠢ ᠴᠡᠭᠴᠡᠯᠡᠨ ᠦᠭᠡᠷᠡᠴᠢᠯᠡᠭᠦᠯᠪᠡ᠃     ᠲᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠢᠨ ︽︿ᠬᠤᠶᠠᠷ ᠪᠠᠶᠠᠷ ᠤᠨ ᠬᠤᠭᠤᠴᠠᠭᠠᠨ ᠤ ︿ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠰᠢᠢᠳᠪᠦᠷᠢᠯᠡᠬᠦ᠂ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠢᠯᠭᠠᠷᠠᠭᠤᠯᠤᠨ ᠪᠠᠶᠢᠴᠠᠭᠠᠬᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ﹀ ᠶᠣᠰᠣᠭᠠᠷ᠂ ᠠᠶᠤᠯ ᠦᠭᠡᠢ ᠦᠢᠯᠡᠳᠪᠦᠷᠢᠯᠡᠯ ᠤᠨ  ᠬᠢᠨᠠᠯᠲᠠ ᠬᠠᠮᠢᠶᠠᠷᠤᠯᠲᠠ᠂ ᠶᠢᠰᠦᠨ ᠵᠢᠵᠢᠭ ᠲᠠᠯᠠᠪᠤᠷ ᠤᠨ ᠭᠠᠯ ᠤᠨᠲᠠᠷᠠᠭᠠᠬᠤ ᠳᠠᠯᠳᠠ ᠬᠡᠮ᠂ ᠭᠤᠣᠯᠳᠠᠯᠭ᠎ᠠ  ᠲᠠᠢ ᠠᠵᠢᠯ ᠲᠥᠷᠥᠯ ᠤᠨ ᠲᠠᠯᠠᠪᠤᠷ ᠤᠨ ᠪᠠᠶᠢᠴᠠᠭᠠᠯᠲᠠ ᠵᠡᠷᠭᠡ ᠳᠣᠯᠣᠭᠠᠨ ᠲᠠᠯ᠎ᠠ ᠶᠢᠨ ᠭᠤᠣᠯᠳᠠᠯᠭ᠎ᠠ  ᠲᠠᠢ ᠠᠭᠤᠯᠭ᠎ᠠ ᠳᠤ ᠴᠢᠭᠯᠡᠭᠦᠯᠦᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠪᠣᠯᠣᠨ ᠬᠠᠮᠢᠶᠠᠷᠤᠯᠲᠠ ᠶᠢᠨ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂  ᠠᠶᠣᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠶᠣᠯᠭᠦᠢ ᠦᠢᠯᠡᠳᠪᠦᠷᠢᠯᠡᠯ ᠤᠨ ᠠᠵᠢᠯ ᠢ ᠡᠳᠦᠷ ᠲᠤᠲᠤᠮ ᠤᠨ ᠠᠵᠢᠯ ᠲᠠᠢ ᠪᠠᠨ ᠨᠢᠭᠲᠠ ᠤᠶᠠᠯᠳᠤᠭᠤᠯᠤᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠠᠷᠠᠳ ᠣᠯᠠᠨ ᠤ ᠪᠠᠶᠠᠷ ᠬᠥᠷ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨᠬᠦ ᠪᠠᠲᠤᠯᠠᠬᠤ ᠪᠠᠷ ᠪᠤᠢ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号