| 2 ᠰᠠᠷ᠎ᠠ ᠶᠢᠨ 18 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ | ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ 76 ᠳ᠋ᠤᠭᠠᠷ | ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ | ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠦᠨ ᠱᠤᠤ ᠴᠧᠩ᠂ ᠴᠧ ᠵᠢᠶᠦ᠋ᠨ ᠤ ᠥᠪᠡᠷᠲᠡᠭᠡᠨ ᠵᠠᠰᠠᠬᠤ ᠣᠷᠣᠨ ᠤ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠳᠡᠭᠡᠷᠡᠬᠢ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠣᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ | ᠂ ᠬᠤᠰᠢᠭᠤᠨ ᠳᠠᠷᠤᠭ᠎ᠠ ᠪᠦᠦ ᠸᠧᠨ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠽᠢ ᠴᠢᠶᠠᠩ ᠵᠡᠷᠭᠡ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠦ᠋ ᠴᠢᠩ ᠬᠠᠢ᠂ ᠬᠤᠰᠢᠭᠤᠨ ᠤ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠯᠢᠦ ᠶᠦᠩ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠰᠤᠯᠠ ᠣᠷᠣᠯᠴᠠᠪᠠ᠃ | | ᠱᠤᠤ ᠶᠠᠨ ᠵᠢᠶᠦ᠋ᠨ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠨᠢᠭᠡᠨᠲᠡ ᠳᠠᠭᠤᠰᠪᠠ᠂ | ᠤᠯᠠᠨ ᠢᠶᠠᠷ ᠢᠶᠠᠨ ᠳᠠᠷᠤᠶᠢᠬᠠᠨ ᠰᠡᠳᠬᠢᠯ ᠰᠠᠨᠠᠭ᠎ᠠ ᠪᠠᠨ ᠬᠤᠷᠢᠶᠠᠵᠤ᠂ ᠠᠵᠢᠯ ᠤᠨ ᠪᠠᠶᠢᠳᠠᠯ ᠳᠠᠭᠠᠨ ᠣᠷᠣᠵᠤ᠂ ︽ | ᠢᠲᠡᠭᠡᠯ ᠲᠠᠢ᠂ ᠵᠣᠷᠢᠭ ᠲᠠᠢ᠂ ᠰᠡᠳᠬᠢᠯ ᠢᠶᠠᠨ ᠨᠢᠭᠡᠳᠭᠡᠵᠦ︾ ᠴᠤᠭ ᠰᠦᠯᠳᠡ ᠪᠠᠨ ᠪᠠᠲᠤᠯᠠᠵᠤ᠂ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ | ᠲᠥᠯᠥᠭᠡ ᠭᠤᠶᠢᠳᠠ ᠰᠠᠶᠢᠬᠠᠨ ᠡᠬᠢᠯᠡᠯᠲᠡ ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠱᠤᠤ ᠶᠠᠨ ᠵᠢᠶᠦ᠋ᠨ᠂ ᠰᠤᠷᠲᠠᠯ ᠤᠨ ᠪᠠᠶᠢᠭᠤᠯᠤᠯᠲᠠ ᠶᠢᠨ ᠲᠤᠬᠠᠢ ᠰᠢ ᠶᠢᠨ ᠫᠢᠩ ᠤᠨ ᠶᠡᠷᠦᠩᠬᠡᠢ ᠱᠦᠵᠢ ᠶᠢᠨ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠪᠣᠷ ᠰᠤᠷᠲᠠᠯ ᠤᠨ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ | ᠡᠭᠦᠷᠭᠡᠯᠡᠨ ᠠᠵᠢᠯ ᠦᠢᠯᠡᠰ ᠪᠦᠲᠦᠭᠡᠬᠦ᠂ ᠠᠵᠢᠯ ᠬᠢᠵᠦ ᠦᠢᠯᠡᠰ ᠪᠣᠰᠬᠠᠬᠤ ᠶᠢ ᠨᠡᠩ ᠰᠠᠶᠢᠲᠤᠷ ᠵᠣᠷᠢᠭᠵᠢᠭᠤᠯᠬᠤ | ᠬᠡᠷᠡᠭᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠲᠦᠷᠪᠡᠨ ᠰᠤᠷᠲᠠᠯ︾ ᠢ ᠭᠦᠨᠵᠡᠭᠡᠢ ᠵᠠᠯᠠᠷᠠᠭᠤᠯᠤᠨ | ᠵᠠᠰᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠡᠷᠡᠰ | ᠴᠡᠭᠴᠡᠯᠡᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢᠨ ᠵᠠᠰᠠᠯᠲᠠ ᠶᠢᠨ ᠦᠷ᠎ᠡ ᠪᠦᠲᠦᠮᠵᠢ ᠪᠠᠨ ᠲᠠᠰᠤᠷᠠᠯᠳᠡ ᠦᠭᠡᠢ | ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠯ᠎ᠡ ᠰᠠᠯᠠᠭ᠎ᠠ ᠮᠥᠴᠢᠷ ᠤᠨ ᠬᠢᠨ | ᠬᠠᠮᠵᠢᠯᠴᠠᠨ ᠬᠦᠴᠦᠯᠡᠵᠦ᠂ ᠲᠤᠰᠬᠠᠢ ᠠᠵᠢᠯ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠡᠬᠢ | ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠨᠢ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ | ᠱᠠᠭᠠᠷᠳᠠᠪᠠ᠃ | ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ | ᠤᠯᠤᠰ ᠲᠥᠷᠥ ᠶᠢᠨ ᠡᠭᠦᠷᠭᠡ ᠪᠣᠯᠭᠠᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢᠶᠠᠨ | ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠪᠠ | ᠬᠠᠷᠠᠯᠲᠠ ᠡᠭᠦᠷᠭᠡ ᠶᠢᠨ ᠪᠠᠷᠢᠮᠵᠢᠶ᠎ᠠ ᠳᠤ ᠴᠢᠭᠯᠡᠭᠦᠯᠦᠨ᠂ ᠲᠣᠭᠲᠠᠴᠠ ᠰᠠᠶᠢᠨ ᠠᠷᠭ᠎ᠠ ᠬᠢᠳᠡᠯ ᠢ ᠦᠷᠭᠦᠯᠵᠢᠯᠡᠨ | ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠴᠢᠳᠠᠪᠤᠷᠢ᠂ ᠰᠡᠳᠬᠢᠬᠦᠢ ᠶᠢᠨ ᠴᠢᠳᠠᠪᠤᠷᠢ | ᠪᠣᠯᠣᠨ ᠦᠢᠯᠡᠳᠦᠯᠭᠡ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠬᠦᠮᠦᠵᠢᠭᠦᠯᠵᠦ ᠬᠥᠲᠥᠯᠥᠨ | ᠵᠢᠯᠤᠭᠤᠳᠴᠤ᠂ ︽ᠰᠤᠷᠤᠯᠴᠠᠬᠤ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠬᠤ ᠪᠠᠷ ᠤᠶᠤᠨ | ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠬᠤ ᠪᠠᠷ | ᠠᠵᠢᠯ ᠢᠶᠠᠨ ᠠᠬᠢᠭᠤᠯᠬᠤ︾ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠪᠣᠳᠠᠲᠤ | ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠡᠭᠦᠷᠭᠡᠯᠡᠯ ᠢ | ᠦᠢᠯᠡᠳᠦᠯᠭᠡᠵᠢᠭᠦᠯᠬᠦ ᠠᠵᠢᠯᠯᠠᠭ᠎ᠠ ᠳᠡᠭᠡᠷ᠎ᠡ ᠢᠯᠡᠷᠡᠭᠦᠯᠬᠦ ᠬᠡᠷᠡᠭᠲᠡᠢ᠃ ᠬᠠᠷᠠᠯᠲᠠ ᠡᠭᠦᠷᠭᠡ ᠪᠠᠨ ᠲᠣᠭᠲᠠᠭᠠᠵᠤ᠂ | ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠲᠦᠮᠵᠢᠲᠡᠢ ᠠᠷᠭ᠎ᠠ ᠬᠡᠮᠵᠢᠶ᠎ᠡ ᠪᠠ ᠬᠠᠲᠠᠭᠤ | ᠴᠢᠩᠭ᠎ᠠ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠠᠳᠬᠤᠵᠤ᠂ ᠨᠢᠭᠡᠳᠦᠭᠡᠷ | ᠤᠯᠠᠷᠢᠯ ᠳᠤ ᠰᠠᠶᠢᠨ ᠡᠬᠢᠯᠡᠯᠲᠡ ᠪᠠᠶᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠰᠠᠶᠢᠨ ᠡᠬᠢᠯᠡᠯᠲᠡ︾ ᠶᠢ | ᠴᠢᠷᠮᠠᠶᠢᠨ ᠪᠡᠶᠡᠯᠡᠭᠦᠯᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠳᠤ ᠪᠠᠲᠤ ᠪᠠᠬᠢ | ᠰᠠᠭᠤᠷᠢ ᠶᠢ ᠲᠠᠯᠪᠢᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠬᠦ᠂ ᠲᠦᠮᠡᠨ ᠲᠣᠰᠬᠤᠨ ᠢ ᠴᠡᠭᠴᠡᠯᠡᠨ | ᠵᠠᠰᠠᠬᠤ﹀ ᠢᠨᠵᠧᠨᠧᠷᠢᠩ ᠤᠨ ᠲᠤᠷᠰᠢᠯᠭ᠎ᠠ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠶᠢ ᠰᠤᠷᠤᠯᠴᠠᠨ ᠬᠡᠷᠡᠭᠯᠡᠬᠦ ᠲᠤᠬᠠᠢ ᠰᠠᠨᠠᠯ︾᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠤᠱᠯᠠᠭᠤᠯᠬᠤ ᠠᠷᠭ᠎ᠠ ᠬᠡᠮᠵᠢᠶ᠎ᠡ ᠨᠦᠭᠦᠳ︾᠂ | ᠲᠥᠪ ᠤᠨ ᠳᠠᠪᠬᠤᠷᠭ᠎ᠠ ᠶᠢᠨ ᠬᠡᠯᠪᠡᠷᠢᠴᠢ ᠦᠵᠡᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ | ᠲᠤᠰᠬᠠᠢ ᠠᠵᠢᠯ ᠤᠨ ᠲᠣᠭᠲᠠᠴᠠ ᠶᠢ ᠴᠡᠭᠴᠡᠯᠡᠨ ᠵᠠᠰᠠᠬᠤ ᠲᠤᠬᠠᠢ ᠬᠤᠷᠠᠯ ᠤᠨ ᠵᠣᠷᠢᠭ ᠰᠠᠨᠠᠭ᠎ᠠ᠂ ︽︿ᠭᠤᠷᠪᠠᠨ | ᠢᠯᠡᠭᠦᠦ ᠭᠤᠷᠪᠠᠨ ᠴᠥᠭᠡᠨ ᠭᠤᠷᠪᠠᠨ ᠤᠳᠠᠭᠠᠨ﹀ ᠠᠰᠠᠭᠤᠳᠠᠯ ᠢ ᠴᠡᠭᠴᠡᠯᠡᠨ ᠵᠠᠰᠠᠬᠤ ᠲᠤᠬᠠᠢ ᠬᠤᠷᠢᠨ ᠵᠦᠢᠯ ᠤᠨ | ᠠᠷᠭ᠎ᠠ ᠬᠡᠮᠵᠢᠶ᠎ᠡ︾᠂ ︽ᠭᠠᠷ ᠤᠲᠠᠰᠤ ᠵᠡᠷᠭᠡ ᠴᠢᠮᠡᠭᠡ ᠬᠤᠯᠪᠣᠭᠠᠨ ᠤ ᠲᠥᠬᠦᠭᠡᠷᠦᠮᠵᠢ ᠶᠢ ᠠᠪᠴᠤ ᠬᠤᠷᠠᠯ ᠳᠤ | ᠣᠷᠣᠯᠴᠠᠬᠤ ᠶᠢ ᠴᠢᠩᠭ᠎ᠠ ᠴᠠᠭᠠᠵᠠᠯᠠᠬᠤ ᠲᠤᠬᠠᠢ ᠮᠡᠳᠡᠭᠳᠡᠯ︾ ᠢ ᠣᠯᠠᠮᠵᠢᠯᠠᠨ ᠰᠣᠷᠣᠯᠴᠠᠪᠠ︔ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠠᠵᠢᠯ ᠤᠨ ᠢᠯᠡᠳᠬᠡᠯ︾ ᠢ ᠬᠢᠨᠠᠨ | ᠵᠥᠪᠯᠡᠭᠰᠡᠨ ᠪᠥᠭᠡᠳ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠠᠵᠢᠯ ᠤᠨ ᠲᠣᠬᠠᠢ ᠰᠤᠳᠤᠯᠤᠨ ᠪᠠᠶᠢᠷᠢᠯᠠᠭᠤᠯᠪᠠ᠃ | | | |