ᠵᠠᠷᠤᠳ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠶᠢᠨ ᠠᠵᠢᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/2/21
    2 ᠰᠠᠷ᠎ᠠ ᠶᠢᠨ 20 ᠤ ᠡᠳᠦᠷ᠂ ᠵᠠᠷᠤᠳ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠠᠵᠢᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠳ᠋ᠠ ᠫᠧᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠸ᠂ ᠬᠤᠰᠢᠭᠤᠨ ᠨᠠᠮ ᠤᠨ ᠬᠤᠷᠢᠶ᠎ᠠ ᠶᠢᠨ ᠠᠯᠪᠠᠨ ᠭᠡᠷ᠂  ᠵᠠᠰᠠᠭ ᠤᠨ ᠣᠷᠳᠣᠨ ᠤ ᠠᠯᠪᠠᠨ ᠭᠡᠷ ᠤᠨ ᠤᠬᠠᠭᠤᠯᠭ᠎ᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ᠂ ᠬᠤᠰᠢᠭᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ ᠤᠨ ᠤᠳᠤᠷᠢᠳᠬᠤ ᠪᠠᠭ ᠤᠨ ᠭᠡᠰᠢᠭᠦᠨ ᠪᠣᠯᠣᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃     
微信图片_20240221104225.jpg
     ᠬᠤᠷᠠᠯ ᠳᠤ ᠣᠷᠣᠯᠴᠠᠭᠰᠠᠳ ᠠᠴᠠ ᠣᠳᠣᠬᠠᠨ ᠤ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠳᠤᠳᠬᠠᠬᠤ ᠤᠬᠠᠭᠤᠯᠭ᠎ᠠ ᠶᠢᠨ ᠠᠵᠢᠯ ᠵᠢᠴᠢ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠡᠯᠡᠳᠭᠡᠯ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ ᠤᠯᠠᠨ ᠢᠶᠠᠷ ᠢᠶᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠤᠯᠤᠰ ᠤᠨ ᠲᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠳᠤ ᠰᠠᠭᠤᠷᠢᠯᠠᠵᠤ᠂ ᠭᠤᠣᠯ ᠠᠵᠢᠯ ᠲᠠᠢ ᠪᠠᠨ ᠭᠦᠨᠵᠡᠭᠡᠢ ᠠᠭᠤᠰᠤᠯᠴᠠᠭᠤᠯᠵᠦ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠠᠬᠢᠭᠤᠯᠵᠤ᠂ ᠪᠠᠳᠤᠳᠬᠠᠬᠤ ᠵᠢᠴᠢ ᠪᠦᠬᠦ ᠲᠠᠯ᠎ᠠ ᠪᠠᠷ ᠡᠭᠦᠳᠦᠨ ᠪᠠᠶᠢᠭᠤᠯᠬᠤ᠂ ᠭᠦᠨᠵᠡᠭᠡᠢ ᠡᠭᠦᠳᠦᠨ ᠪᠠᠶᠢᠭᠤᠯᠬᠤ ᠪᠠ ᠨᠡᠶᠢᠲᠡᠯᠢᠭ ᠵᠢᠱᠢᠶ᠎ᠡ ᠶᠢ ᠭᠦᠨᠵᠡᠭᠡᠢ ᠠᠭᠤᠳᠠᠯᠬᠤ ᠲᠠᠯ᠎ᠠ ᠪᠠᠷ ᠬᠠᠮᠵᠢᠯᠴᠠᠨ ᠬᠦᠴᠦᠯᠡᠬᠦ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃ ᠡᠳᠦᠷ ᠲᠤᠳᠤᠮ ᠤᠨ ᠨᠡᠪᠳᠡᠷᠡᠯᠴᠡᠭᠡ ᠰᠣᠯᠢᠯᠴᠠᠭ᠎ᠠ ᠶᠢᠨ ᠲᠣᠭᠲᠠᠴᠠ ᠶᠢ ᠴᠢᠨᠠᠭᠰᠢᠳᠠ ᠪᠦᠷᠢᠨᠰᠢᠭᠦᠯᠵᠦ᠂ ᠬᠠᠷᠢᠯᠴᠠᠬᠤ ᠬᠠᠮᠵᠢᠯᠴᠠᠬᠤ ᠪᠠᠨ ᠴᠢᠩᠭᠠᠳᠬᠠᠵᠤ᠂ ᠭᠦᠨᠵᠡᠭᠡᠶᠢᠷᠡᠭᠦᠯᠬᠦ᠂ ᠨᠠᠷᠢᠯᠢᠭᠵᠢᠭᠤᠯᠬᠤ᠂ ᠴᠢᠩᠭᠠᠳᠬᠠᠬᠤ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠠᠵᠢᠯ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂ ᠨᠡᠩ ᠶᠡᠭᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠵᠠᠩ ᠳ᠋ᠠ ᠫᠧᠩ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ ᠴᠢᠳᠠᠬᠤ ᠡᠰᠡᠬᠦ᠂ ᠤᠯᠤᠰ ᠤᠨ ᠲᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ ᠡᠭᠦᠳᠦᠨ ᠪᠠᠶᠢᠭᠤᠯᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ ᠪᠣᠳᠠᠲᠠᠢ ᠠᠵᠢᠯ ᠲᠠᠢ ᠪᠠᠨ ᠴᠢᠩᠭ᠎ᠠ ᠤᠶᠠᠯᠳᠤᠭᠤᠯᠤᠭᠰᠠᠨ ᠡᠰᠡᠬᠦ᠂ ᠭᠦᠨᠵᠡᠭᠡᠢ ᠠᠭᠤᠰᠤᠯᠴᠠᠭᠤᠯᠤᠭᠰᠠᠨ ᠡᠰᠡᠬᠦ ᠳᠤ ᠪᠤᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠠᠵᠢᠯ ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠪᠠᠶᠢᠩᠭᠤᠵᠢᠭᠤᠯᠤᠨ ᠠᠬᠢᠭᠤᠯᠵᠤ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠪᠠ ᠠᠬᠢᠭᠤᠯᠤᠭᠰᠠᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠬᠤᠰᠢᠭᠤ ᠲᠠᠶᠠᠭᠠᠷ ᠢᠶᠠᠷ ᠢᠶᠠᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号