ᠣᠶᠢᠷ᠎ᠠ ᠳᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ | ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠬᠢᠨ ᠬᠤᠭᠤᠴᠠᠭ᠎ᠠ ᠥᠩᠭᠡᠷᠡᠭᠰᠡᠨ ᠢᠳᠡᠭᠡᠨ ᠤ | ᠵᠦᠢᠯ ᠳᠤ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠪᠠᠶᠢᠴᠠᠭᠠᠯᠲᠠ ᠶᠢᠨ ᠳᠤᠮᠳᠠ᠂ | ᠬᠠᠤᠯᠢ ᠬᠡᠷᠡᠭᠵᠢᠭᠦᠯᠬᠦ ᠠᠵᠢᠯᠲᠠᠨ ᠠᠴᠠ ᠯᠦᠪᠧᠢ ᠪᠠᠯᠭᠠᠰᠤᠨ ᠤ ᠭᠤᠣᠯ ᠬᠤᠲᠠ ᠶᠢᠨ ᠲᠣᠭᠤᠷᠢᠭ ᠲᠠᠬᠢ | ᠵᠣᠴᠢᠳ ᠤᠨ ᠪᠠᠭᠤᠳᠠᠯ᠂ ᠬᠡᠳᠦ ᠳᠡᠯᠭᠡᠭᠦᠷ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠢᠳᠡᠭᠡᠨ ᠤ ᠢᠷᠡᠯᠲᠡ᠂ | ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠳᠦᠷᠢᠮ ᠢ | ᠨᠠᠶᠢᠳᠠᠪᠤᠷᠢᠵᠢᠭᠤᠯᠤᠭᠰᠠᠨ ᠡᠰᠡᠬᠦ᠂ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ᠂ ᠢᠯᠵᠠᠷᠠᠵᠤ ᠴᠢᠨᠠᠷ ᠬᠤᠪᠢᠷᠠᠭᠰᠠᠨ | ᠢᠳᠡᠭᠡᠨ ᠡᠵᠡᠩᠨᠡᠵᠦ ᠪᠠᠶᠢᠬᠤ ᠡᠰᠡᠬᠦ᠂ ᠢᠳᠡᠭᠡᠨ ᠤ ᠲᠡᠮᠳᠡᠭ ᠱᠣᠰᠢᠭ᠎ᠠ ᠨᠢ ᠵᠢᠷᠤᠮᠵᠢᠭᠤᠨ ᠪᠠᠶᠢᠬᠤ ᠡᠰᠡᠬᠦ ᠵᠡᠷᠭᠡ | ᠪᠠᠶᠢᠳᠠᠯ ᠢ ᠨᠠᠷᠢᠨ ᠪᠠᠶᠢᠴᠠᠭᠠᠭᠰᠠᠨ ᠪᠥᠭᠡᠳ ᠡᠵᠡᠩᠨᠡᠭᠴᠢᠳ ᠢ ᠢᠳᠡᠭᠡᠨ ᠡᠵᠡᠩᠨᠡᠬᠦ ᠨᠢᠭᠡᠴᠡ ᠶᠢᠨ ᠪᠡᠶᠡᠴᠢ ᠴᠣᠭᠴᠠ | ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠪᠠᠨ | ᠴᠢᠩᠭᠠᠳᠬᠠᠨ᠂ ᠬᠡᠷᠡᠭᠯᠡᠭᠴᠢᠳ ᠢ ᠰᠠᠨᠠᠭ᠎ᠠ ᠠᠮᠤᠷ ᠬᠤᠳᠠᠯᠳᠤᠨ ᠠᠪᠬᠤ᠂ ᠢᠳᠡᠬᠦ ᠳᠤ ᠰᠡᠳᠬᠢᠯ ᠠᠮᠤᠷ ᠪᠠᠶᠢᠯᠭᠠᠬᠤ | ᠬᠡᠷᠡᠭᠲᠡᠢ ᠭᠡᠵᠦ ᠱᠠᠭᠠᠷᠳᠠᠪᠠ᠃ | | | |