ᠵᠠᠩ ᠳ᠋ᠠ ᠫᠧᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠵᠢᠴᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2024/2/22
     2 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠳ᠋ᠠ ᠫᠧᠩ  ᠦᠨᠡᠭᠡᠴᠢ ᠮᠠᠯᠵᠢᠯ ᠤᠨ ᠲᠠᠯᠠᠪᠠᠢ᠂ ᠴᠢᠨᠳᠠᠮᠤᠨᠢ ᠰᠤᠮᠤ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠬᠠᠢ ᠴᠢᠬᠤᠯᠠ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠦᠨ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠦᠴᠦ ᠲᠠᠯᠪᠢᠵᠤ᠂ ᠠᠷᠭ᠎ᠠ ᠵᠠᠮ ᠪᠣᠳᠣᠯᠬᠢᠯᠠᠨ᠂ ᠤᠯᠠᠨ ᠲᠦᠮᠡᠨ ᠳᠤ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠤᠯᠠᠨ ᠲᠦᠮᠡᠨ ᠤ ︽ᠪᠠᠴᠢᠮᠳᠠᠵᠦ᠂  ᠬᠦᠴᠢᠷᠳᠡᠵᠦ᠂ ᠵᠤᠪᠠᠨᠢᠵᠦ᠂ ᠬᠦᠰᠡᠵᠦ︾ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠪᠡ᠃      
微信图片_20240222093603.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号