| 2 ᠰᠠᠷ᠎ᠠ ᠶᠢᠨ 21 ᠤ ᠡᠳᠦᠷ᠂ ᠵᠠᠷᠤᠳ ᠬᠤᠰᠢᠭᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠲᠠᠲᠠᠪᠤᠷᠢᠯᠠᠨ ᠲᠤᠰᠢᠶᠠᠬᠤ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ | ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ | ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠳᠡᠳ᠋ ᠳᠠᠷᠤᠭ᠎ᠠ ᠶᠣᠣ ᠼᠠᠢ ᠶᠠᠨ ᠬᠤᠷᠠᠯ ᠡᠷᠭᠢᠯᠡᠪᠡ᠃ ᠡᠯ᠎ᠡ ᠰᠤᠮᠤ ᠪᠠᠯᠭᠠᠰᠤ ᠲᠠᠯᠠᠪᠠᠢ᠂ ᠵᠡᠭᠡᠯᠢ ᠭᠤᠳᠤᠮᠵᠢ᠂ | ᠭᠠᠳᠠᠰᠤ ᠦᠷᠡᠰ ᠮᠠᠯ ᠤᠨ ᠲᠠᠯᠠᠪᠠᠢ ᠪᠣᠯᠣᠨ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ | ᠪᠠᠶᠢᠭᠤᠯᠤᠯᠭ᠎ᠠ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠲᠠᠲᠠᠪᠤᠷᠢᠯᠠᠵᠤ ᠲᠤᠰᠢᠶᠠᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠮᠦᠩᠬᠦ ᠶᠢ ᠲᠠᠲᠠᠪᠤᠷᠢᠯᠠᠵᠤ | ᠲᠣᠰᠢᠶᠠᠬᠤ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠪᠦᠦ ᠸᠧᠨ ᠯᠠᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ | ᠬᠠᠷᠠᠯᠲᠠ ᠪᠠᠨ ᠨᠢᠭᠡᠳᠬᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠮᠦᠩᠬᠦ ᠶᠢ ᠲᠠᠲᠠᠪᠤᠷᠢᠯᠠᠨ ᠲᠤᠰᠢᠶᠠᠬᠤ ᠠᠵᠢᠯ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠡᠳᠦᠷ ᠲᠤ ᠲᠣᠬᠢᠷᠠᠭᠤᠯᠬᠤ᠂ ᠡᠳᠦᠷ ᠲᠤ ᠮᠡᠳᠡᠭᠳᠡᠬᠦ ᠳᠦᠷᠢᠮ ᠢ ᠬᠡᠷᠡᠭᠵᠢᠭᠦᠯᠦᠨ᠂ ᠠᠵᠢᠯ ᠤᠨ ᠬᠤᠭᠤᠴᠠᠭ᠎ᠠ ᠶᠢ | ᠲᠣᠩᠭᠤᠷᠤᠭᠤᠯᠤᠨ ᠲᠣᠬᠢᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ | ᠠᠳᠬᠤᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠬᠥᠮᠥᠰ ᠲᠤ | ᠲᠤᠰᠬᠠᠢ ᠬᠥᠮᠥᠨ ᠲᠣᠬᠢᠷᠠᠭᠤᠯᠵᠤ ︽ᠨᠢᠭᠡ ᠨᠢᠭᠡ ᠪᠠᠷ︾ ᠦᠵᠡᠯ ᠰᠠᠨᠠᠭ᠎ᠠ ᠤᠬᠠᠭᠤᠯᠭ᠎ᠠ ᠶᠢᠨ ᠠᠵᠢᠯ ᠢ ᠰᠠᠶᠢᠲᠤᠷ | ᠬᠢᠵᠦ᠂ ᠡᠷᠬᠡ ᠶᠢᠨ ᠬᠠᠷᠢᠭᠤᠴᠠᠯᠭ᠎ᠠ ᠶᠢ ᠲᠣᠳᠣᠷᠬᠠᠢ ᠶᠠᠷᠢᠵᠤ᠂ ᠳᠠᠭᠠᠳᠬᠠᠯ ᠳᠤ ᠣᠷᠣᠯᠴᠠᠬᠤ ᠠᠰᠢᠭ ᠬᠤᠣᠷ ᠢ | ᠲᠣᠳᠣᠷᠬᠠᠢ ᠶᠠᠷᠢᠵᠤ᠂ ᠰᠦᠢᠳᠬᠡᠯ ᠲᠤᠰᠢᠶᠠᠬᠤ ᠠᠵᠤ ᠠᠬᠤᠢ ᠶᠢᠨ ᠲᠠᠩᠰᠠ ᠶᠢ ᠲᠣᠳᠣᠷᠬᠠᠢ ᠶᠠᠷᠢᠵᠤ᠂ | ᠳᠠᠭᠠᠳᠬᠠᠯ ᠤᠨ ᠣᠯᠭᠤᠮᠵᠢ ᠶᠢ ᠲᠣᠳᠣᠷᠬᠠᠢ ᠶᠠᠷᠢᠵᠤ᠂ ᠰᠢᠨ᠎ᠡ ᠪᠠᠷ ᠨᠡᠮᠡᠭᠳᠡᠭᠰᠡᠨ ᠡᠭᠦᠳᠡᠨ ᠡᠮᠨᠡᠯᠭᠡ ᠶᠢᠨ ᠨᠢᠭᠡᠳᠦᠯᠲᠡᠢ | ᠲᠥᠯᠥᠪᠯᠡᠬᠦ᠂ ᠦᠷᠭᠦᠯᠵᠢᠯᠡᠨ ᠳᠠᠭᠠᠳᠬᠠᠯ ᠳᠤ ᠣᠷᠣᠯᠴᠠᠬᠤ ᠲᠡᠰᠢ ᠬᠡᠯᠪᠡᠶᠢᠯᠭᠡᠬᠦ ᠵᠡᠷᠭᠡ ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠳᠤ ᠪᠣᠳᠠᠲᠠᠢ ᠤᠬᠠᠭᠤᠯᠵᠤ᠂ ᠪᠣᠳᠠᠲᠠᠢ ᠲᠠᠶᠢᠯᠪᠤᠷᠢᠯᠠᠵᠤ᠂ | ᠡᠮᠴᠢᠯᠡᠭᠡᠨ ᠤ ᠳᠠᠭᠠᠳᠬᠠᠯ ᠤᠨ ᠴᠢᠬᠤᠯᠠ ᠴᠢᠨᠠᠷ ᠢ ᠴᠢᠩᠭᠠᠷᠠᠭᠤᠯᠤᠨ᠂ ᠤᠬᠠᠮᠰᠠᠷ ᠠᠴᠠ ᠪᠠᠨ ᠳᠠᠭᠠᠳᠬᠠᠯ ᠳᠤ | ᠣᠷᠣᠯᠴᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠥᠮᠥᠰ ᠤᠨ ᠳᠠᠭᠠᠳᠬᠠᠯ ᠳᠤ | ᠣᠷᠣᠯᠴᠠᠬᠤ ᠶᠢ ᠪᠦᠬᠦ ᠲᠠᠯ᠎ᠠ ᠪᠠᠷ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ ᠭᠡᠪᠡ᠃ | ᠪᠦᠦ ᠸᠧᠨ ᠯᠠᠨ ᠱᠠᠭᠠᠷᠳᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠰᠠᠭᠤᠭᠠᠯᠢ ᠠᠷᠠᠳ ᠤᠨ ᠰᠦᠢᠳᠭᠡᠯ | ᠲᠤᠰᠢᠶᠠᠬᠤ ᠠᠵᠢᠯ ᠢ ᠰᠢᠮᠳᠠᠭᠤᠯᠤᠨ ᠭᠦᠢᠴᠡᠳᠬᠡᠵᠦ᠂ ᠡᠷᠬᠡᠪᠰᠢ ᠲᠣᠭᠲᠠᠭᠰᠠᠨ ᠴᠠᠭ ᠬᠤᠭᠤᠴᠠᠭ᠎ᠠ ᠵᠠᠩᠭᠢᠯᠠᠭ᠎ᠠ ᠶᠢᠨ | ᠴᠡᠭ ᠲᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ | ᠲᠠᠲᠠᠪᠤᠷᠢᠯᠠᠨ ᠲᠤᠰᠢᠶᠠᠬᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ᠂ 2024 ᠣᠨ ᠤ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠠᠲᠠᠪᠤᠷᠢᠯᠠᠨ ᠲᠤᠰᠢᠶᠠᠬᠤ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠨ ᠬᠢᠨ ᠬᠠᠷᠢᠶ᠎ᠠ | ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠴᠠᠭ ᠲᠤᠬᠠᠢ | ᠳᠤᠨᠢ ᠲᠣᠬᠢᠷᠠᠭᠤᠯᠤᠨ᠂ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠵᠤ᠂ ᠭᠤᠣᠯ ᠤᠳᠤᠷᠢᠳᠤᠯᠭ᠎ᠠ ᠪᠠ ᠬᠤᠪᠢᠳᠠᠨ | ᠬᠠᠮᠢᠶᠠᠷᠴᠤ ᠪᠦᠬᠦᠢ ᠤᠳᠤᠷᠢᠳᠤᠯᠭ᠎ᠠ ᠦᠪᠡᠷ ᠦᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠭᠠᠵᠠᠷ | ᠣᠷᠣᠨ ᠤ ᠳᠠᠭᠠᠳᠬᠠᠯ ᠳᠤ ᠣᠷᠣᠯᠴᠠᠬᠤ ᠠᠬᠢᠴᠠ ᠶᠢ ᠴᠠᠭ ᠲᠤᠬᠠᠢ ᠳᠤᠨᠢ ᠲᠣᠬᠢᠷᠠᠭᠤᠯᠤᠨ᠂ ᠠᠰᠠᠭᠤᠳᠠᠯ ᠭᠠᠷᠪᠠᠯ | ᠴᠠᠭ ᠲᠤᠬᠠᠢ ᠳᠤᠨᠢ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠲᠠᠢ ᠨᠡᠪᠲᠡᠷᠡᠯᠴᠡᠵᠦ᠂ ᠲᠥᠪᠯᠡᠷᠡᠭᠦᠯᠦᠨ | ᠰᠦᠢᠳᠬᠡᠯ ᠲᠤᠰᠢᠶᠠᠬᠤ ᠬᠤᠭᠤᠴᠠᠭ᠎ᠠ ᠳᠠᠭᠤᠰᠬᠤ ᠠᠴᠠ ᠡᠮᠦᠨ᠎ᠡ᠂ ᠪᠥᠬᠦ ᠬᠤᠰᠢᠭᠤᠨ ᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ︽ ᠳᠠᠭᠠᠳᠬᠠᠯ ᠳᠤ ᠣᠷᠣᠯᠴᠠᠪᠠᠯ ᠵᠣᠬᠢᠬᠤ | ᠪᠦᠬᠦᠨ ᠢ ᠳᠠᠭᠠᠳᠬᠠᠬᠤ︾ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ | | | |