ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠢᠨ ᠳᠤᠮᠳᠠᠳᠤ ᠤᠯᠤᠰ ᠤᠨ ᠬᠢᠮᠢ ᠶᠢᠨ ︵ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 30 ᠲᠦᠮᠡᠨ ᠲᠣᠨ ᠨᠡᠭᠦᠷᠡᠰᠦ ᠪᠠᠷ ᠡᠲ᠋ᠢᠯ ᠬᠤᠶᠠᠷᠴᠢ ᠠᠯᠺᠣᠣᠯ ᠦᠢᠯᠡᠳᠪᠦᠷᠢᠯᠡᠬᠦ ᠲᠥᠷᠥᠯ ᠵᠦᠢᠯ ᠳᠤ ᠠᠬᠤᠢ ᠲᠠᠯᠠᠪᠠᠢ ᠶᠢᠨ ᠬᠢᠨᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/2/23
    2 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ  ᠵᠠᠩᠭᠢᠴᠢᠯᠠᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠣᠯᠠᠨ ᠰᠠᠯᠠᠭ᠎ᠠ ᠮᠥᠴᠢᠷ ᠨᠢᠭᠡᠴᠡ ᠪᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠬᠢᠨ ᠬᠤᠰᠢᠭᠤᠨ ᠤ ᠯᠦᠪᠸᠢ ᠠᠵᠤ ᠦᠢᠯᠡᠰ ᠤᠨ  ᠲᠣᠭᠤᠷᠢᠭ ᠲᠤ ᠬᠦᠷᠴᠦ᠂ ᠳᠤᠮᠳᠠᠳᠤ ᠤᠯᠤᠰ ᠤᠨ ᠬᠢᠮᠢ ᠶᠢᠨ ︵ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 30 ᠲᠦᠮᠡᠨ ᠲᠣᠨ ᠨᠡᠭᠦᠷᠡᠰᠦ ᠪᠠᠷ ᠡᠲ᠋ᠢᠯ ᠬᠤᠶᠠᠷᠴᠢ ᠠᠯᠺᠣᠣᠯ ᠦᠢᠯᠡᠳᠪᠦᠷᠢᠯᠡᠬᠦ ᠲᠥᠷᠥᠯ ᠵᠦᠢᠯ ᠢ ᠠᠮᠢᠯᠠᠭᠤᠯᠵᠤ ᠠᠵᠢᠯ ᠢᠶᠠᠨ ᠰᠡᠷᠭᠦᠭᠡᠬᠦ᠂ ᠪᠦᠲᠦᠭᠡᠨ ᠪᠠᠶᠢᠭᠤᠯᠵᠤ ᠳᠠᠭᠤᠰᠬᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠪᠠ᠃ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠬᠢᠨ ᠬᠤᠶᠠᠷ ᠡᠳᠦᠷ ᠤᠨ ᠴᠠᠭ ᠢ ᠠᠰᠢᠭᠯᠠᠨ᠂ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠰᠠᠭᠤᠳᠠᠯ ᠤᠨ ᠬᠤᠷᠠᠯ ᠬᠢᠬᠦ᠂ ᠲᠤᠰᠬᠠᠢ ᠰᠡᠳᠦᠪᠲᠦ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠲᠥᠷᠦᠯ ᠵᠦᠢᠯ ᠤᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠦᠢᠯᠡᠳᠪᠦᠷᠢᠯᠡᠯ ᠤᠨ ᠠᠵᠢᠯᠯᠠᠭᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号