ᠵᠠᠷᠤᠳ ᠬᠤᠰᠢᠭᠤ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠰᠠᠷ᠎ᠠ ᠶᠢᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/2/23
   2 ᠰᠠᠷ᠎ᠠ ᠶᠢᠨ 22 ᠤᠨ ᠡᠳᠦᠷ᠂ ᠪᠦᠭᠦ ᠬᠤᠰᠢᠭᠤᠨ ᠤ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠰᠠᠷ᠎ᠠ ᠶᠢᠨ ᠲᠣᠬᠢᠷᠠᠭᠤᠯᠬᠤ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
微信图片_20240223155824.jpg
    ᠬᠤᠷᠠᠯ ᠠᠴᠠ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠭᠦ ᠬᠤᠰᠢᠭᠤᠨ ᠤ ᠤᠬᠠᠭᠤᠯᠭ᠎ᠠ ᠶᠢᠨ ᠠᠵᠢᠯ ᠢ ᠪᠠᠶᠢᠷᠢᠯᠠᠭᠤᠯᠪᠠ᠃ ᠢᠦᠢ ᠯᠢᠩ ᠬᠤᠸ ᠴᠢᠬᠤᠯᠠᠴᠢᠯᠠᠭᠰᠠᠨ ᠨᠢ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠨ᠂ ᠢᠳᠡᠪᠬᠢᠲᠡᠢ ᠪᠠᠷ ᠨᠡᠪᠲᠡᠷᠡᠯᠴᠡᠨ ᠵᠣᠯᠭᠠᠭᠤᠯᠵᠤ᠂ ᠡᠳᠦᠷ ᠲᠤᠲᠤᠮ ᠤᠨ ᠠᠭᠤᠳᠠᠯᠤᠯᠲᠠ ᠶᠢ ᠴᠢᠬᠤᠯᠠᠴᠢᠯᠠᠵᠤ᠂ ᠦᠪᠡᠷ ᠦᠪᠡᠷ ᠤᠨ ᠰᠠᠯᠠᠭ᠎ᠠ ᠮᠥᠴᠢᠷ ᠤᠨ ᠢᠶᠠᠨ ᠭᠤᠣᠯᠳᠠᠯᠭ᠎ᠠ᠂ ᠣᠨᠴᠠᠯᠢᠭᠲᠤ ᠬᠢᠯᠠᠰ ᠴᠡᠭ᠂ ᠠᠬᠢᠴᠠ ᠶᠢᠨ ᠦᠷ᠎ᠡ ᠪᠦᠲᠦᠮᠵᠢ ᠵᠡᠷᠭᠡ ᠲᠠᠢ ᠪᠠᠨ ᠤᠶᠠᠯᠳᠤᠭᠤᠯᠤᠨ ᠰᠢᠰᠲ᠋ᠧᠮ ᠲᠠᠢ ᠪᠠᠷ ᠡᠮᠬᠢᠯᠡᠨ ᠳ᠋ᠦᠩᠨᠡᠵᠦ᠂ ᠨᠡᠶᠢᠲᠡᠯᠢᠭ ᠵᠢᠱᠢᠶ᠎ᠡ ᠶᠢ ᠠᠳᠬᠤᠨ᠂ ᠥᠯᠢᠭᠡᠷ ᠳᠠᠭᠤᠷᠢᠶᠠᠯ ᠢ ᠪᠣᠶ ᠪᠣᠯᠭᠠᠵᠤ᠂ ᠰᠣᠨᠢᠨ ᠮᠡᠳᠡᠭᠡᠨ ᠤ ᠰᠦᠪᠡᠭᠴᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠥᠨᠳᠥᠷ ᠬᠢᠷᠢ ᠲᠦᠪᠰᠢᠨ ᠪᠦᠬᠦᠢ ᠣᠳᠣᠬᠢᠴᠢᠯᠠᠭᠰᠠᠨ ᠬᠦᠴᠦᠷᠬᠡᠭ ᠬᠤᠰᠢᠭᠤ ᠶᠢ ᠪᠦᠲᠦᠭᠡᠨ ᠪᠠᠶᠢᠭᠤᠯᠬᠤ ᠳᠤ ᠴᠢᠩᠭ᠎ᠠ ᠬᠦᠴᠦᠲᠡᠢ ᠶᠠᠷᠢᠶ᠎ᠠ ᠬᠡᠯᠡᠯᠴᠡᠭᠡᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠤᠳᠤᠷᠢᠳᠤᠮᠵᠢ ᠶᠢ ᠡᠵᠡᠮᠳᠡᠵᠦ᠂ ᠡᠷᠴᠢ ᠵᠣᠷᠢᠭ ᠢᠶᠠᠨ ᠬᠥᠪᠴᠢᠯᠡᠵᠦ᠂ ᠭᠤᠣᠯ ᠬᠥᠭ ᠠᠶᠠᠰ ᠢ ᠬᠠᠩᠭᠢᠨᠠᠭᠤᠯᠤᠨ᠂ ᠰᠠᠨᠠᠭᠠᠴᠢᠯᠠᠭᠠᠲᠤ ᠲᠡᠶᠢᠨ ᠢ ᠰᠠᠶᠢᠲᠤᠷ ᠬᠢᠵᠦ᠂ ᠡᠯ᠎ᠡ ᠱᠠᠲᠤᠨ ᠤ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠨᠠᠷᠢᠨ ᠨᠢᠮᠪᠠᠢ ᠲᠥᠯᠥᠪᠯᠡᠵᠦ᠂ ᠨᠠᠩ ᠣᠯᠠᠨ ᠦᠨ᠎ᠡ ᠥᠷᠲᠡᠭ ᠲᠠᠢ᠂ ᠨᠥᠯᠥᠭᠡᠯᠡᠬᠦ ᠬᠦᠴᠦᠨ ᠲᠠᠢ ᠪᠦᠲᠦᠭᠡᠯ ᠢ ᠨᠡᠶᠢᠲᠡᠯᠡᠵᠦ᠂ ᠬᠤᠰᠢᠭᠤ ᠲᠠᠶᠠᠭᠠᠷ ᠲᠤ ᠭᠤᠣᠯᠳᠠᠯᠭ᠎ᠠ ᠲᠠᠢ ᠤᠬᠠᠭᠤᠯᠤᠨ ᠮᠡᠳᠡᠭᠡᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠤᠬᠠᠭᠤᠯᠭ᠎ᠠ ᠶᠢᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠰᠣᠨᠢᠨ ᠮᠡᠳᠡᠭᠡᠨ ᠤ ᠲᠣᠬᠢᠷᠠᠭᠤᠯᠤᠯᠲᠠ ᠶᠢᠨ ᠳᠦᠷᠢᠮ ᠢ ᠪᠠᠷᠢᠮᠲᠠᠯᠠᠨ᠂ ᠪᠥᠬᠦ ᠬᠤᠰᠢᠭᠤᠨ ᠤ ᠰᠣᠨᠢᠨ ᠮᠡᠳᠡᠭᠡ ᠤᠬᠠᠭᠤᠯᠭ᠎ᠠ ᠪᠠ ᠬᠠᠮ ᠵᠠᠭᠤᠴᠢᠯᠠᠭᠤᠷ ᠤᠨ ᠤᠯᠠᠮᠵᠢᠯᠠᠬᠤ ᠬᠦᠴᠦᠨ ᠢ ᠳᠡᠭᠡᠭᠰᠢᠯᠡᠭᠦᠯᠬᠦ ᠠᠵᠢᠯ ᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠠᠵᠢᠯ ᠤᠨ ᠳᠤᠮᠳᠠ ᠪᠠᠨ ᠵᠥᠷᠢᠶ᠎ᠡ ᠪᠠᠨ ᠡᠷᠢᠵᠦ᠂ ᠵᠥᠷᠢᠶ᠎ᠡ ᠶᠢᠨ ᠳᠤᠮᠳᠠ ᠪᠠᠨ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠤᠳᠠᠭᠳᠠᠯ ᠲᠠᠢ ᠪᠠᠭᠤᠷᠠᠢ ᠲᠠᠯ᠎ᠠ ᠪᠠᠨ ᠴᠢᠨᠠᠭᠰᠢᠳᠠ ᠲᠣᠳᠣᠷᠬᠠᠶᠢᠯᠠᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢᠶᠠᠨ ᠴᠢᠩᠭᠠᠳᠬᠠᠵᠤ᠂ ᠡᠯ᠎ᠡ ᠲᠠᠪᠴᠠᠩ ᠤᠨ ᠬᠡᠷᠡᠭᠯᠡᠯᠲᠡ ᠶᠢᠨ ᠲᠠᠯ᠎ᠠ ᠪᠠᠷ ᠲᠠᠬᠢᠨ ᠰᠢᠨ᠎ᠡ ᠰᠢᠯᠢᠳᠡᠭ ᠠᠮᠵᠢᠯᠲᠠ ᠶᠢ ᠡᠭᠦᠳᠬᠦ ᠪᠠᠷ ᠴᠢᠷᠮᠠᠶᠢᠬᠤ ᠬᠡᠷᠡᠭᠲᠡᠢ᠃ ᠬᠠᠮ ᠵᠠᠭᠤᠴᠢᠯᠠᠭᠤᠷ ᠤᠨ ᠲᠥᠪ ᠤᠨ ᠳᠠᠮᠵᠢᠭᠤᠯᠬᠤ ᠬᠦᠴᠦᠨ᠂ ᠬᠥᠭᠵᠢᠯᠲᠡ ᠶᠢᠨ ᠬᠠᠨᠳᠤᠰᠢ ᠪᠣᠯᠣᠨ ᠵᠢᠮ᠎ᠡ ᠶᠣᠰᠣ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠨᠡᠩ ᠶᠡᠭᠡ ᠬᠦᠴᠦ ᠣᠷᠣᠭᠤᠯᠵᠤ ᠪᠠᠶᠢᠭᠠᠳ ᠨᠡᠩ ᠤᠯᠠᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠤᠬᠠᠭᠤᠯᠭ᠎ᠠ ᠶᠢᠨ ᠦᠷ᠎ᠡ ᠪᠦᠲᠦᠮᠵᠢ ᠪᠠᠨ ᠬᠠᠮᠤᠭ ᠤᠨ ᠶᠡᠭᠡ ᠪᠣᠯᠭᠠᠵᠤ ᠬᠠᠮᠤᠭ ᠰᠠᠶᠢᠨ ᠰᠢᠯᠢᠳᠡᠭᠵᠢᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠪᠤᠷᠢᠯᠠᠪᠠ᠃    
微信图片_20240223155813.jpg
    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠠᠴᠠ ᠦᠪᠡᠷ ᠦᠪᠡᠷ ᠤᠨ ᠬᠦᠷᠢᠶᠡᠨ ᠤ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠭᠤᠣᠯᠳᠠᠯᠭ᠎ᠠ ᠲᠠᠢ ᠠᠭᠤᠯᠭ᠎ᠠ᠂ ᠰᠠᠯᠠᠭ᠎ᠠ ᠮᠥᠴᠢᠷ ᠤᠨ ᠨᠡᠶᠢᠲᠡᠯᠢᠭ ᠵᠢᠱᠢᠶ᠎ᠡ ᠵᠢᠴᠢ ᠳᠡᠭᠡᠳᠦ ᠱᠠᠲᠤᠨ ᠤ ᠵᠠᠭᠤᠴᠢᠯᠠᠭᠤᠷ ᠲᠠᠢ ᠣᠯᠣᠯᠴᠠᠵᠤ ᠵᠣᠯᠭᠠᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠤᠯᠢᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号