ᠵᠠᠷᠤᠳ ᠬᠤᠰᠢᠭᠤᠨ ᠤ ᠨᠠᠮ ᠤᠨ ᠬᠤᠷᠢᠶ᠎ᠠ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/2/27
    2 ᠰᠠᠷ᠎ᠠ ᠶᠢᠨ 26 ᠤ ᠡᠳᠦᠷ᠂ ᠵᠠᠷᠤᠳ ᠬᠤᠰᠢᠭᠤ 2024 ᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠽᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠱᠠᠨ ᠬᠤᠸᠠ ᠴᠢ ᠬᠤᠷᠠᠯ ᠡᠷᠭᠢᠯᠡᠵᠦ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠲᠤᠩᠭᠠᠯᠠᠭ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠴᠢᠦᠢ ᠶᠧ ᠬᠤᠩ ᠬᠤᠷᠠᠯ ᠳᠤ ᠣᠷᠣᠯᠴᠠᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠣᠬᠤᠯᠠᠪᠤᠷᠢ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠣᠬᠤᠯᠠᠪᠤᠷᠢ ᠶᠢ ᠲᠣᠰ ᠪᠦᠷᠢ ᠤᠯᠠᠮᠵᠢᠯᠠᠨ ᠰᠤᠷᠤᠯᠴᠠᠵᠤ᠂ ᠠᠵᠢᠯ ᠢᠶᠠᠨ ᠳ᠋ᠦᠩᠨᠡᠨ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠪᠠᠶᠢᠳᠠᠯ ᠢ ᠵᠠᠳᠠᠯᠤᠨ᠂ 2024 ᠣᠨ ᠤ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠦᠬᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠬᠢᠨ ᠤᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ ᠤᠯᠤᠰ ᠲᠦᠷᠦ ᠬᠠᠤᠯᠢ ᠴᠠᠭᠠᠵᠠ ᠶᠢᠨ ᠡᠭᠦᠷᠭᠡᠯᠡᠯ ᠢᠶᠠᠨ ᠢᠯᠡᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠬᠦᠴᠦᠨ ᠴᠢᠳᠠᠯ ᠢᠶᠠᠨ ᠡᠷᠭᠦᠪᠡ᠃ 2024 ᠣᠨ ᠳᠤ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ  ᠶᠢ ᠭᠦᠨᠵᠡᠭᠡᠢ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠭᠡᠬᠦ ᠡᠨᠡᠬᠦ ᠬᠠᠮᠤᠭ ᠤᠨ ᠶᠡᠭᠡ ᠤᠯᠤᠰ ᠲᠥᠷᠥ ᠳᠤᠮᠳᠠᠳᠤ   ᠶᠢᠨ ᠦᠨᠳᠦᠰᠦᠲᠡᠨ ᠤ ᠬᠠᠮᠲᠤ  ᠶᠢᠨ ᠴᠣᠭᠴᠠ  ᠶᠢᠨ ᠤᠬᠠᠮᠰᠠᠷ  ᠢ ᠪᠠᠲᠤ ᠪᠤᠶ ᠪᠣᠯᠭᠠᠬᠤ ᠡᠨᠡᠬᠦ ᠭᠤᠣᠯ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠡᠭᠦᠷᠭᠡᠯᠡᠨ ᠠᠵᠢᠯᠯᠠᠵᠤ᠂ ᠤᠯᠤᠰ ᠤᠨ ᠠᠮᠤᠷ ᠲᠦᠪᠰᠢᠨ ᠢ ᠬᠦᠴᠦᠯᠡᠨ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠢ ᠬᠦᠴᠦᠯᠡᠨ ᠬᠠᠮᠠᠭᠠᠯᠠᠵᠤ᠂ ᠨᠡᠶᠢᠭᠡᠮ ᠤᠨ ᠲᠥᠪ ᠭᠤᠥᠯᠴᠢ ᠰᠢᠳᠤᠷᠭᠤ ᠶᠣᠰᠣ ᠶᠢ ᠬᠦᠴᠦᠯᠡᠨ ᠪᠠᠲᠤᠯᠠᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠪᠠᠲᠤᠯᠠᠵᠤ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠢᠨ᠎ᠡ ᠴᠠᠭ ᠦᠶ᠎ᠡ ᠶᠢᠨ ᠤᠯᠤᠰ ᠲᠥᠷᠥ ᠬᠠᠤᠯᠢ ᠴᠠᠭᠠᠵᠠ ᠲᠡᠮᠦᠷ  ᠴᠡᠷᠢᠭ ᠢ ᠳᠠᠪᠲᠠᠨ ᠪᠣᠯᠪᠠᠰᠤᠷᠠᠭᠤᠯᠵᠤ᠂ ᠴᠢᠨᠠᠷ ᠰᠠᠶᠢᠲᠠᠢ ᠬᠠᠤᠯᠢ ᠪᠠᠷ ᠵᠠᠰᠠᠬᠤ ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠰᠢᠯᠭᠠᠷᠠᠭᠰᠠᠨ ᠦᠷ᠎ᠡ ᠪᠦᠲᠦᠭᠡᠯ ᠢᠶᠠᠷ ᠵᠠᠷᠣᠳ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠤᠯᠭᠠᠭᠤᠷᠢᠯᠠᠨ ᠦᠢᠯᠡᠴᠢᠯᠡᠬᠦ ᠬᠡᠷᠡᠭᠲᠡᠢ ᠭᠡᠵᠦ ᠵᠢᠭᠠᠪᠣᠷᠢᠯᠠᠪᠠ᠃     ᠬᠤᠷᠠᠯ ᠠᠴᠠ᠂ 2024 ᠣᠨ ᠳᠤ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠬᠢᠨ ︽ᠤᠯᠤᠰ ᠲᠥᠷᠥ ᠬᠠᠤᠯᠢ ᠴᠠᠭᠠᠵᠠ ᠪᠣᠯ ᠨᠠᠮ ᠤᠨ ᠬᠢ︾ ᠭᠡᠬᠦ ᠦᠨᠳᠦᠰᠦᠨ ᠰᠢᠨᠵᠢ ᠴᠢᠨᠠᠷ ᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠨᠡᠬᠦ ᠲᠡᠷᠢᠭᠦᠨ ᠴᠢᠬᠤᠯᠠ ᠶᠡᠭᠡ ᠶᠠᠪᠤᠳᠠᠯ ᠢ ᠰᠠᠶᠢᠲᠤᠷ ᠠᠳᠬᠤᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ︔ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠡᠨᠡᠬᠦ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠰᠢᠨ᠎ᠡ ᠴᠠᠭ ᠦᠶ᠎ᠡ ᠶᠢᠨ ︽ᠹᠧᠩ ᠴᠢᠶᠦᠦ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ︽ᠵᠠᠭᠠᠯᠳᠤᠯᠭ᠎ᠠ ᠰᠣᠷᠪᠤᠯᠵᠢᠯᠠᠭ᠎ᠠ ᠦᠭᠡᠢ︾ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ ︽ᠵᠠᠭᠠᠯᠳᠤᠯᠭ᠎ᠠ ᠰᠣᠷᠪᠤᠯᠵᠢᠯᠠᠭ᠎ᠠ ᠦᠭᠡᠢ᠂ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ︾ ᠠᠯᠲᠠᠨ ᠦᠰᠦᠭᠲᠦ ᠫᠠᠶᠢᠰᠠ ᠶᠢ  ᠡᠭᠦᠳᠬᠦ ᠬᠡᠷᠡᠭᠲᠡᠢ᠃ ᠲᠥᠪ ᠭᠤᠣᠯᠴᠢ ᠰᠢᠳᠤᠷᠭᠤ ᠶᠣᠰᠣ ᠭᠡᠬᠦ ᠡᠨᠡᠬᠦ ᠬᠠᠤᠯᠢᠵᠢᠯ ᠤᠨ ᠦᠷᠳᠡᠭ ᠤᠨ ᠬᠥᠭᠡᠭᠡᠴᠡᠯᠳᠦᠯ ᠢ ᠪᠠᠲᠤ ᠰᠠᠬᠢᠵᠤ᠂ ᠠᠷᠠᠳ ᠤᠯᠠᠨ ᠤ ᠬᠠᠤᠯᠢ ᠴᠠᠭᠠᠵᠠ ᠶᠢᠨ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠰᠢᠭᠤᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠪᠥᠬᠦ ᠬᠦᠴᠦᠨ ᠢᠶᠠᠷ ᠢᠶᠠᠨ ᠦᠢᠯᠡᠴᠢᠯᠡᠵᠦ ᠪᠠᠲᠤᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠡᠨᠡᠬᠦ ᠴᠢᠬᠤᠯᠠ ᠶᠡᠭᠡ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠲᠠᠪᠤᠨ ᠲᠠᠯ᠎ᠠ ᠪᠠᠷ ᠴᠠᠭᠠᠷᠠᠭᠰᠠᠨ︾ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠪᠦᠬᠦ ᠬᠦᠴᠦᠨ ᠢᠶᠠᠷ ᠢᠶᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠡᠭᠡᠷ᠎ᠡ᠂ ᠪᠥᠬᠦ ᠬᠤᠰᠢᠭᠤᠨ ᠤ ᠠᠮᠢᠨ ᠬᠡᠷᠡᠭ ᠢ ᠰᠡᠷᠭᠡᠶᠢᠯᠡᠨ ᠡᠵᠡᠮᠳᠡᠭᠰᠡᠨ ᠠᠵᠢᠯ ᠤᠨ ᠲᠡᠷᠢᠭᠦᠨ ᠤ ᠬᠠᠮᠲᠤ ᠨᠡᠶᠢᠲᠡ᠂ ᠲᠡᠷᠢᠭᠦᠨ ᠤ ᠬᠤᠪᠢ ᠬᠥᠮᠥᠨ ᠪᠠ ︽ᠵᠠᠭᠠᠯᠳᠤᠯᠭ᠎ᠠ ᠰᠣᠷᠪᠤᠯᠵᠢᠯᠠᠭ᠎ᠠ ᠦᠭᠡᠢ︾ ᠵᠢᠱᠢᠶᠡᠴᠢ ᠭᠠᠴᠠᠭ᠎ᠠ ᠲᠣᠰᠬᠤᠨ ᠢ ᠬᠥᠬᠢᠭᠦᠯᠦᠨ ᠰᠠᠶᠢᠰᠢᠶᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号