ᠵᠠᠷᠤᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠢᠨ ︽ᠭᠤᠷᠪᠠ ᠶᠢ ᠨᠢᠭᠡ ᠴᠤᠭᠴᠠᠵᠢᠭᠤᠯᠵᠦ︾ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠤᠭ ᠤᠨ ᠰᠢᠯᠢᠳᠡᠭ ᠡᠩᠨᠡᠭᠡ ᠶᠢ ᠪᠠᠶᠢᠭᠤᠯᠪᠠ
ᠨᠡᠶᠢᠲᠡᠯᠡᠭᠰᠡᠨ ᠴᠠᠭ᠄
2024/2/28
     ᠬᠤᠳᠠᠯᠳᠤᠨ ᠠᠪᠤᠭᠴᠢ ᠪᠣᠯ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠵᠠᠩᠭᠢᠯᠠᠭ᠎ᠠ ᠮᠥᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠᠯᠳᠤᠨ ᠠᠪᠬᠤ ᠠᠶᠤᠯ ᠲᠦᠭᠰᠢᠭᠦᠷᠢ ᠶᠢ ᠰᠡᠷᠭᠡᠶᠢᠯᠡᠨ᠂ ᠬᠤᠳᠠᠯᠳᠤᠨ ᠠᠪᠬᠤ ᠶᠠᠰᠤ ᠴᠢᠨᠠᠷ ᠢ ᠪᠠᠲᠤᠯᠠᠵᠤ᠂ ᠬᠤᠳᠠᠯᠳᠤᠨ ᠠᠪᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠵᠠᠷᠤᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ᠂ ᠲᠤᠰᠬᠠᠢ ᠪᠠᠶᠢᠴᠠᠭᠠᠯᠲᠠ ᠥᠷᠨᠢᠭᠦᠯᠬᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠵᠡᠷᠭᠡ ᠬᠡᠯᠪᠡᠷᠢ ᠪᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠰᠠᠭᠤᠷᠢ ᠪᠠᠨ ᠴᠢᠩᠭᠠᠳᠬᠠᠬᠤ︾ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠰᠬᠠᠶᠢᠵᠢᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠡᠩᠨᠡᠭᠡ ᠶᠢ ᠬᠦᠴᠦᠯᠡᠨ ᠪᠠᠶᠢᠭᠤᠯᠪᠠ᠃      
微信图片_20240228103715.jpg
     ᠨᠢᠭᠡ᠂ ᠵᠣᠬᠢᠶᠠᠨ ᠪᠠᠶᠢᠭᠤᠯᠤᠯᠲᠠ ᠶᠢᠨ ᠨᠡᠶᠢᠯᠡᠮᠡᠯ ᠬᠦᠴᠦᠨ ᠢ ᠴᠢᠩᠭᠠᠷᠠᠭᠤᠯᠵᠤ᠂ ︽ᠬᠤᠭᠤᠰᠤᠨ ᠴᠡᠭ︾ ᠢ ︽ᠴᠤᠯᠤ ᠴᠡᠭ︾ ᠪᠣᠯᠭᠠᠨ ᠬᠤᠪᠢᠷᠠᠭᠤᠯᠪᠠ     ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠰᠬᠠᠢ ᠬᠠᠮᠢᠶᠠᠷᠤᠭᠴᠢ ᠶᠢᠨ ᠳᠦᠷᠢᠮ ᠪᠠᠶᠢᠭᠤᠯᠬᠤ ᠶᠢ ᠪᠥᠬᠦ ᠬᠤᠰᠢᠭᠤᠨ ᠤ ᠡᠯ᠎ᠡ ᠲᠥᠰᠥᠪ ᠤᠨ ᠨᠢᠭᠡᠴᠡ ᠶᠢᠨ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠬᠥᠮᠥᠰ ᠤᠨ ᠳᠣᠲᠣᠷ᠎ᠠ ᠠᠴᠠ 1 ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠰᠬᠠᠢ ᠬᠠᠮᠢᠶᠠᠷᠤᠭᠴᠢ ᠶᠢ ᠲᠣᠭᠲᠠᠭᠠᠵᠤ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠰᠬᠠᠢ ᠬᠠᠮᠢᠶᠠᠷᠤᠭᠴᠢ ᠶᠢᠨ ᠮᠡᠳᠡᠭᠡ ᠵᠠᠩᠭᠢ ᠶᠢᠨ ᠬᠦᠰᠦᠨᠦᠭᠲᠦ︾ ᠶᠢ ᠲᠠᠭᠯᠠᠬᠤ ᠶᠢᠨ ᠬᠠᠮᠲᠤ ᠲᠠᠩᠰᠠᠯᠠᠭᠤᠯᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ 215 ᠲᠥᠰᠥᠪ ᠤᠨ ᠨᠢᠭᠡᠴᠡ  ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠰᠬᠠᠢ ᠬᠠᠮᠢᠶᠠᠷᠤᠭᠴᠢ ᠶᠢᠨ ᠮᠡᠳᠡᠭᠡ ᠵᠠᠩᠭᠢ ᠶᠢ ᠳᠠᠩᠰᠠᠯᠠᠬᠤ ᠠᠵᠢᠯ ᠢ ᠪᠦᠬᠦᠨ ᠢ ᠪᠡᠶᠡᠯᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠰᠬᠠᠢ ᠬᠠᠮᠢᠶᠠᠷᠤᠭᠴᠢ 227 ᠬᠥᠮᠥᠨ ᠢ ᠨᠤᠳᠠᠯᠠᠨ ᠲᠤᠭᠳᠠᠭᠠᠪᠠ᠃     ᠬᠤᠶᠠᠷ᠂ ᠦᠢᠯᠡᠴᠢᠯᠡᠭᠡᠨ ᠤ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠦ᠂ ︽ᠲᠠᠷᠠᠬᠠᠢ ᠪᠤᠲᠠᠷᠬᠠᠢ︾ ᠪᠠᠶᠢᠭᠰᠠᠨ ᠢ ︽ᠵᠢᠷᠤᠮᠵᠢᠭᠤᠯᠬᠤ︾ ᠪᠣᠯᠭᠠᠨ ᠬᠤᠪᠢᠷᠠᠭᠤᠯᠪᠠ     ᠪᠥᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠪᠦᠬᠦᠨ ᠢ ︽ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ︾ ᠳᠤ ᠣᠷᠣᠭᠤᠯᠤᠨ ᠬᠡᠷᠡᠭᠵᠢᠭᠦᠯᠵᠦ᠂ 2024 ᠣᠨ ᠤ ︽ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ︾ ᠳᠤ ᠨᠢᠭᠡᠨᠲᠡ 4 ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠢ ᠥᠷᠨᠢᠭᠦᠯᠵᠦ᠂ ᠬᠤᠳᠠᠯᠳᠤᠨ ᠠᠪᠤᠭᠰᠠᠨ ᠵᠣᠭᠤᠰ ᠤᠨ ᠲᠤᠭ᠎ᠠ 1610 ᠲᠦᠮᠡᠨ ᠲᠥᠭᠦᠷᠢᠭ ᠬᠥᠷᠪᠡ᠃ ᠡᠭᠦᠨ ᠤ ᠬᠠᠮᠲᠤ ︽ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠴᠤᠭᠯᠠᠷᠠᠯ︾ ᠢ ᠪᠠᠶᠢᠭᠤᠯᠵᠤ᠂ ᠬᠤᠳᠠᠯᠳᠤᠨ ᠠᠪᠤᠭᠴᠢ ᠳᠤ ᠲᠥᠷᠥ ᠶᠢᠨ ᠪᠣᠳᠣᠯᠭ᠎ᠠ ᠶᠢᠨ ᠠᠰᠠᠭᠤᠳᠠᠯ ᠵᠢᠴᠢ ᠲᠠᠪᠴᠠᠩ ᠤᠨ ᠠᠵᠢᠯᠯᠠᠭᠠᠨ ᠤ ᠲᠠᠯ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠬᠠᠷᠢᠭᠤᠯᠵᠤ᠂ ᠬᠤᠳᠠᠯᠳᠤᠨ ᠠᠪᠤᠭᠴᠢ ᠶᠢᠨ ᠬᠤᠳᠠᠯᠳᠤᠨ ᠠᠪᠬᠤ ᠠᠵᠢᠯᠯᠠᠭ᠎ᠠ ᠶᠢ ᠦᠷᠭᠦᠯᠵᠢᠯᠡᠨ ᠵᠢᠷᠤᠮᠵᠢᠭᠤᠯᠪᠠ᠃     ᠭᠤᠷᠪᠠ᠂ ᠪᠣᠯᠪᠠᠰᠤᠷᠠᠭᠤᠯᠤᠯ ᠢ ᠭᠦᠨᠵᠡᠭᠡᠶᠢᠷᠡᠭᠦᠯᠦᠨ ᠬᠦᠴᠦᠨ ᠢ ᠪᠠᠲᠤᠳᠬᠠᠵᠤ᠂ ︽ᠠᠵᠢᠯ ᠤᠨ ᠴᠢᠯᠦᠭᠡᠨ ᠤ︾ ᠪᠠᠶᠢᠭᠰᠠᠨ ᠢ ︽ᠲᠤᠰᠬᠠᠶᠢᠵᠢᠭᠤᠯᠬᠤ︾ ᠪᠣᠯᠭᠠᠨ ᠬᠤᠪᠢᠷᠠᠭᠤᠯᠪᠠ     ᠪᠦᠬᠦᠨ ᠢ ᠬᠠᠮᠤᠷᠬᠤ ᠪᠣᠯᠪᠠᠰᠤᠷᠠᠭᠤᠯᠤᠯ ᠢ ᠥᠷᠨᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠩᠭᠤᠢ ᠶᠢᠨ ᠬᠡᠮᠵᠢᠶ᠎ᠡ ᠶᠢ  ᠲᠡᠭᠡᠭᠰᠢᠯᠡᠭᠦᠯᠪᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ 2023 ᠣᠨ ᠳᠤ ᠡᠯ᠎ᠡ ᠲᠥᠷᠥᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠨᠡᠶᠢᠲᠡ 23 ᠤᠳᠠᠭ᠎ᠠ ᠥᠷᠨᠢᠭᠦᠯᠵᠦ᠂ 2024 ᠣᠨ ᠳᠤ ᠨᠢᠭᠡᠨᠲᠡ 2 ᠤᠳᠠᠭ᠎ᠠ ᠪᠣᠯᠪᠠᠰᠤᠷᠠᠭᠤᠯᠤᠯ ᠢ ᠥᠷᠨᠢᠭᠦᠯᠪᠡ᠃ ᠰᠦᠯᠵᠢᠶᠡᠨ ᠲᠡᠭᠡᠷ᠎ᠡ ᠬᠢᠴᠢᠶᠡᠯ ᠤᠷᠤᠬᠤ ᠠᠷᠭ᠎ᠠ ᠬᠡᠯᠪᠡᠷᠢ ᠪᠠᠷ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠰᠢᠰᠲ᠋ᠧᠮ ᠤᠨ ᠠᠵᠢᠯᠯᠠᠭ᠎ᠠ ᠶᠢᠨ ᠪᠣᠯᠪᠠᠰᠤᠷᠠᠭᠤᠯᠤᠯ ᠢ ᠭᠤᠣᠯᠳᠠᠯᠭ᠎ᠠ ᠪᠣᠯᠭᠠᠨ᠂ ᠲᠤᠬᠠᠶᠢᠯᠠᠭᠰᠠᠨ ᠠᠵᠢᠯ ᠤᠨ ᠠᠵᠢᠯᠲᠠᠨ ᠤ ᠣᠨᠣᠯ ᠤᠨ ᠬᠢᠷᠢ ᠲᠦᠪᠰᠢᠨ ᠪᠠ ᠪᠣᠳᠠᠲᠠᠢ ᠪᠣᠯᠪᠠᠰᠤᠷᠠᠭᠤᠯᠤᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠦᠷᠢᠶᠡᠨ ᠳᠠᠬᠢ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠵᠤ᠂ ᠵᠠᠷᠤᠳ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠡᠩᠨᠡᠭᠡ ᠶᠢᠨ ᠲᠤᠰᠬᠠᠶᠢᠵᠢᠭᠰᠠᠨ ᠬᠡᠷᠡᠭᠴᠡᠭᠡ ᠶᠢ ᠪᠦᠲᠦᠮᠵᠢᠲᠡᠶ ᠬᠠᠩᠭᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号