| ᠣᠶᠢᠷ᠎ᠠ ᠶᠢᠨ ᠵᠢᠯ ᠠᠴᠠ᠂ ᠵᠠᠷᠤᠳ ᠬᠤᠰᠢᠭᠤᠨ ᠤ ᠬᠢᠨ ᠤᠯᠠᠨ ᠲᠦᠮᠡᠨ ᠤ ᠪᠠᠴᠢᠮ ᠬᠦᠴᠢᠷ ᠵᠤᠪᠠᠵᠤ ᠬᠦᠰᠡᠵᠦ | ᠪᠠᠶᠢᠭ᠎ᠠ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠨᠡᠷ᠎ᠡ ᠮᠡᠳᠡᠭᠦᠯᠬᠦ ᠬᠤᠶᠠᠷ | ᠦᠢᠯᠡᠴᠢᠯᠡᠬᠦ ᠬᠤᠶᠠᠷ ᠬᠠᠷᠢᠭᠤ ᠮᠡᠳᠡᠭᠦᠯᠬᠦ︾ ᠳᠦᠷᠢᠮ ᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠴᠢᠬᠤᠯᠠ | ᠰᠢᠵᠢᠮ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠨᠡᠶᠢᠭᠡᠮ | ᠲᠣᠭᠤᠷᠢᠭ ᠲᠤ ᠪᠠᠭᠤᠵᠤ᠂ ᠰᠡᠳᠬᠢᠯ ᠬᠠᠶᠢᠷ᠎ᠠ ᠪᠠᠷ ᠢᠶᠠᠨ ᠰᠠᠭᠤᠭᠠᠯᠢ ᠠᠷᠠᠳ ᠲᠤ ᠦᠢᠯᠡᠴᠢᠯᠡᠵᠦ᠂ ᠤᠯᠠᠨ | ᠲᠦᠮᠡᠨ ᠤ ᠳᠣᠮᠲᠠ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ | ᠪᠠᠲᠤᠲᠠᠢ ᠠᠬᠢᠭᠤᠯᠪᠠ᠃ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢᠶᠠᠨ ᠲᠡᠭᠦᠯᠳᠡᠷᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ | ᠰᠠᠭᠤᠷᠢ ᠶᠢ ᠪᠠᠲᠤ ᠪᠠᠬᠢ ᠪᠠᠶᠢᠭᠤᠯᠪᠠ᠃ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠨᠢᠭᠡᠳᠦᠯᠲᠡᠢ | ᠲᠥᠯᠥᠪᠵᠢᠭᠦᠯᠦᠨ ᠰᠦᠪᠡᠭᠴᠢᠯᠡᠬᠦ ᠶᠢ ᠴᠢᠬᠤᠯᠠᠴᠢᠯᠠᠵᠤ᠂ 1 ᠭᠠᠵᠠᠷ ᠤᠨ ᠲᠡᠰ ᠤᠨ ᠤᠳᠤᠷᠢᠳᠤᠯᠭ᠎ᠠ ᠬᠤᠯᠪᠣᠭᠠᠯᠠᠵᠤ | ᠳᠠᠭᠠᠭᠠᠴᠢᠯᠠᠨ ᠬᠠᠷᠢᠭᠤᠴᠠᠬᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠠ ᠬᠠᠮᠲᠤ ᠰᠠᠭᠤᠵᠤ | ᠬᠠᠮᠲᠤ ᠪᠠᠷ ᠪᠠᠶᠢᠭᠤᠯᠬᠤ ᠨᠠᠮ ᠤᠨ ᠵᠣᠬᠢᠶᠠᠨ ᠪᠠᠶᠢᠭᠤᠯᠤᠯᠲᠠ ᠠᠴᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ | ᠠᠵᠢᠯ ᠳᠤ ᠪᠠᠶᠢᠭ᠎ᠠ N ᠨᠡᠷᠡᠰ ᠨᠠᠮ ᠤᠨ ᠭᠡᠰᠢᠭᠦᠳ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ᠤᠨ | ᠨᠠᠮ ᠤᠨ ᠵᠣᠬᠢᠶᠠᠨ ᠪᠠᠶᠢᠭᠤᠯᠤᠯᠲᠠ ᠳᠤ ᠬᠦᠷᠴᠦ ᠨᠡᠷ᠎ᠡ ᠮᠡᠳᠡᠭᠡᠯᠡᠬᠦ ︽1+2+N︾ ᠤ ᠬᠠᠷᠢᠯᠴᠠᠬᠤ | ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠬᠠᠮᠲᠤ ᠪᠠᠷ ᠰᠠᠭᠤᠵᠤ ᠬᠠᠮᠲᠤ ᠪᠠᠷ ᠪᠠᠶᠢᠭᠤᠯᠬᠤ ᠨᠢᠭᠡᠴᠡ ᠬᠢᠨ | ᠪᠠ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠨᠡᠷ᠎ᠡ ᠮᠡᠳᠡᠭᠡᠯᠡᠬᠦ ᠤᠳᠠᠭ᠎ᠠ᠂ ᠡᠭᠦᠷᠭᠡ ᠬᠠᠷᠢᠭᠤᠴᠠᠯᠭ᠎ᠠ ᠵᠡᠷᠭᠡ ᠳᠤ | ᠪᠣᠳᠠᠲᠠᠢ ᠱᠠᠭᠠᠷᠳᠠᠯᠭ᠎ᠠ ᠳᠤᠷᠠᠳᠴᠤ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ | ᠡᠳᠦᠷ ᠲᠤᠲᠤᠮ ᠤᠨ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠪᠥᠬᠦ ᠬᠤᠰᠢᠭᠤᠨ ᠤ 104 | ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠪᠠ | 2824 ᠨᠠᠮ ᠤᠨ ᠭᠡᠰᠢᠭᠦᠳ ᠨᠡᠶᠢᠭᠡᠮ ᠲᠣᠭᠤᠷᠢᠭ ᠲᠤ ᠬᠦᠷᠴᠦ ᠨᠡᠷ᠎ᠡ ᠮᠡᠳᠡᠭᠦᠯᠦᠨ ᠦᠢᠯᠡᠴᠢᠯᠡᠵᠦ᠂ ᠬᠤᠣᠰ | ᠴᠢᠭᠯᠡᠯ ᠢᠶᠠᠷ ᠬᠠᠷᠢᠯᠴᠠᠨ ᠬᠥᠳᠡᠯᠦᠯᠴᠡᠭᠰᠡᠨ᠂ ᠡᠬᠢ ᠪᠠᠶᠠᠯᠢᠭ ᠢ ᠬᠠᠮᠲᠤ ᠪᠠᠷ ᠬᠡᠷᠡᠭᠯᠡᠭᠰᠡᠨ᠂ ᠳᠠᠪᠠᠭᠤᠯᠢᠭ ᠢᠶᠠᠨ | ᠬᠠᠷᠢᠯᠴᠠᠨ ᠨᠥᠬᠦᠪᠦᠷᠢᠯᠡᠭᠰᠡᠨ᠂ ᠬᠠᠮᠵᠢᠯᠴᠠᠨ ᠠᠬᠢᠭᠤᠯᠤᠭᠰᠠᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ | ᠪᠠᠶᠢᠷᠢᠰᠢᠯ ᠢ ᠪᠣᠶ ᠪᠣᠯᠭᠠᠪᠠ᠃ ᠡᠭᠦᠨ ᠤ ᠬᠠᠮᠲᠤ ᠲᠣᠣᠷ ᠤᠨ ᠨᠠᠮ ᠤᠨ ᠡᠭᠦᠷ ᠤᠨ ᠪᠠᠶᠢᠭᠤᠯᠤᠯᠲᠠ ᠶᠢ | ᠴᠢᠩᠭᠠᠳᠬᠠᠬᠤ ᠶᠢ ᠴᠢᠬᠤᠯᠠᠴᠢᠯᠠᠵᠤ᠂ ᠠᠵᠢᠯ ᠳᠤ ᠪᠠᠶᠢᠭ᠎ᠠ 1000 ᠭᠠᠷᠤᠢ ᠨᠠᠮ ᠤᠨ ᠭᠡᠰᠢᠭᠦᠳ ᠲᠤᠤᠷ ᠲᠤ | ᠭᠦᠨᠵᠡᠭᠡᠶᠢᠷᠡᠨ ᠠᠰᠠᠷ ᠤᠨ ᠠᠬᠠᠯᠠᠭᠴᠢ᠂ ᠨᠢᠭᠡᠴᠢ ᠶᠢᠨ ᠠᠬᠠᠯᠠᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ | ᠨᠡᠶᠢᠭᠡᠮ ᠲᠣᠭᠤᠷᠢᠭ ᠲᠤ ᠱᠦᠭᠯᠦ ᠦᠯᠢᠶᠡᠬᠦ᠂ ᠲᠣᠣᠷ ᠳᠡᠭᠡᠷ᠎ᠡ ᠤᠷᠢᠶᠠᠯᠠᠬᠤ᠂ ᠨᠠᠮ ᠤᠨ ᠭᠡᠰᠢᠭᠦᠨ ᠴᠤᠤᠷᠢᠶᠠᠲᠤᠨ | ᠲᠠᠭᠠᠬᠤ ᠲᠤᠤᠷᠴᠢᠯᠠᠭᠰᠠᠨ ᠲᠡᠰ ᠬᠤᠪᠢᠶᠠᠨ ᠴᠤᠤᠷᠢᠶᠠᠲᠤᠨ ᠲᠠᠭᠠᠬᠤ ᠲᠣᠭᠲᠠᠴᠠ ᠶᠢ ᠪᠦᠷᠢᠯᠳᠦᠭᠦᠯᠵᠦ᠂ ᠠᠷᠠᠳ | ᠲᠦᠮᠡᠨ ᠳᠤ ᠦᠢᠯᠡᠴᠢᠯᠡᠬᠦ ᠰᠠᠭᠤᠷᠢ ᠶᠢ ᠪᠦᠲᠦᠮᠵᠢᠲᠡᠢ ᠪᠠᠲᠤᠳᠬᠠᠪᠠ᠃ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ ᠦᠷ᠎ᠡ ᠪᠦᠲᠦᠮᠵᠢ ᠪᠠᠨ | ᠳᠡᠭᠡᠭᠰᠢᠯᠡᠭᠦᠯᠪᠡ᠃ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠪᠣᠯᠭᠠᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠬᠠᠷᠢᠶ᠎ᠠ ᠣᠷᠣᠨ ᠤ | ᠬᠠᠮᠲᠤᠪᠠᠷ ᠰᠠᠭᠤᠵᠤ ᠬᠠᠮᠲᠤᠪᠠᠷ ᠪᠠᠶᠢᠭᠤᠯᠬᠤ ᠨᠢᠭᠡᠴᠡ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠡᠬᠢ ᠪᠠᠶᠠᠯᠢᠭ᠂ | ᠬᠡᠷᠡᠭᠴᠡᠭᠡ ᠪᠣᠯᠣᠨ ᠲᠦᠷᠦᠯ ᠵᠦᠢᠯ ᠤᠨ ︽ᠭᠤᠷᠪᠠᠨ ᠨᠠᠷᠢᠨ ᠲᠠᠩᠰᠠ︾ ᠶᠢ ᠪᠠᠶᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠵᠣᠯᠭᠠᠭᠤᠯᠬᠤ ᠬᠤᠷᠠᠯ ᠬᠢᠵᠦ᠂ ᠠᠷᠠᠳ ᠲᠦᠮᠡᠨ ᠳᠤ ᠦᠢᠯᠡᠴᠢᠯᠡᠬᠦ ᠮᠡᠳᠡᠭᠡ ᠵᠠᠩᠭᠢ ᠶᠢᠨ | ᠨᠡᠪᠲᠡᠷᠡᠯᠴᠡᠭᠡ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠭᠦᠯᠪᠡ᠃ ︽ᠤᠯᠠᠨ ᠲᠦᠮᠡᠨ ᠠᠴᠠ | ᠵᠠᠬᠢᠶᠠᠯᠠᠭ᠎ᠠ ᠶᠢᠨ ᠬᠠᠭᠤᠳᠠᠰᠤ ᠭᠠᠷᠭᠠᠬᠤ᠂ ᠨᠡᠶᠢᠭᠡᠮ ᠲᠣᠭᠤᠷᠢᠭ ᠠᠴᠠ ᠵᠠᠬᠢᠶᠠᠯᠠᠭ᠎ᠠ ᠶᠢᠨ ᠬᠠᠭᠤᠳᠠᠰᠤ ᠲᠣᠮᠢᠯᠠᠬᠤ᠂ | ᠨᠠᠮ ᠤᠨ ᠭᠡᠰᠢᠭᠦᠨ ᠵᠠᠬᠢᠶᠠᠯᠠᠭ᠎ᠠ ᠶᠢᠨ ᠬᠠᠭᠤᠳᠠᠰᠤ ᠶᠢ ᠬᠦᠯᠢᠶᠡᠨ ᠠᠪᠬᠤ︾ ᠵᠠᠭᠪᠤᠷ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠲᠠᠢ ᠬᠠᠷᠢᠯᠴᠠᠬᠤ ᠪᠠ ᠤᠯᠠᠨ | ᠲᠦᠮᠡᠨ ᠳᠤ ᠦᠢᠯᠡᠴᠢᠯᠡᠬᠦ ︽3456︾ ᠠᠵᠢᠯ ᠤᠨ ᠠᠷᠭ᠎ᠠ ᠲᠠᠢ ᠤᠶᠠᠯᠳᠤᠭᠤᠯᠤᠨ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠪᠠᠷ ᠬᠠᠮᠤᠭ ᠤᠨ ᠥᠨᠳᠥᠷ᠂ ᠬᠡᠷᠡᠭᠴᠡᠭᠡ ᠱᠠᠭᠠᠷᠳᠠᠯᠭ᠎ᠠ ᠪᠠᠷ ᠬᠠᠮᠤᠭ ᠤᠨ ᠲᠤᠯᠭᠠᠮ᠎ᠠ ᠪᠠᠶᠢᠭ᠎ᠠ ︽ | ᠪᠠᠴᠢᠮ ᠬᠦᠴᠢᠷ ᠵᠣᠪᠠᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠲᠡᠷᠢᠭᠦᠨ ᠴᠢᠬᠤᠯᠠ ᠡᠭᠦᠷᠭᠡ | ᠪᠣᠯᠭᠠᠵᠤ᠂ ᠴᠠᠬᠢᠯᠭᠠᠨ ᠴᠡᠨᠡᠭᠯᠡᠬᠦ ᠪᠠᠭᠠᠨ᠎ᠠ ᠶᠢ ᠥᠷᠭᠡᠳᠬᠡᠨ ᠪᠠᠶᠢᠭᠤᠯᠬᠤ᠂ ᠬᠠᠭᠤᠴᠢᠷᠠᠭᠰᠠᠨ ᠠᠵᠢᠯᠯᠠᠭᠠᠨ ᠤ | ᠲᠠᠯᠠᠪᠤᠷ ᠢ ᠥᠭᠡᠷᠡᠴᠢᠯᠡᠬᠦ᠂ ᠡᠪᠳᠡᠷᠡᠵᠦ ᠴᠤᠴᠠᠷᠠᠭᠰᠠᠨ ᠵᠠᠮ ᠤᠨ ᠭᠠᠳᠠᠷᠭᠤ ᠶᠢ ᠵᠠᠰᠠᠨ ᠰᠡᠷᠭᠦᠭᠡᠬᠦ ᠵᠡᠷᠭᠡ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠤᠷᠢᠳ ᠬᠤᠵᠢᠳ 800 ᠭᠠᠷᠤᠢ ᠬᠤᠪᠢ ᠭᠦᠢᠴᠡᠳᠭᠡᠪᠡ᠃ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ 15 ᠪᠦᠯᠬᠦᠮ ᠢ ᠢᠳᠡᠪᠬᠢᠲᠡᠢ | ᠵᠣᠬᠢᠶᠠᠨ ᠪᠠᠶᠢᠭᠤᠯᠵᠤ᠂ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ᠂ ᠠᠵᠢᠯ ᠣᠯᠭᠤᠯᠲᠠ ᠶᠢᠨ ᠲᠡᠳᠬᠦᠮᠵᠢ | ᠦᠵᠡᠭᠦᠯᠬᠦ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢ 300 ᠭᠠᠷᠤᠢ ᠤᠳᠠᠭ᠎ᠠ ᠤᠬᠠᠭᠤᠯᠤᠨ ᠲᠠᠶᠢᠯᠪᠣᠷᠢᠯᠠᠪᠠ᠂ ︽ᠡᠭᠦᠳᠡ ᠲᠣᠭᠰᠢᠬᠤ ᠠᠵᠢᠯᠯᠠᠭ᠎ᠠ︾ ᠶᠢ | 2000 ᠭᠠᠷᠤᠢ ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠺᠠᠷᠲ ᠢ 8000 ᠭᠠᠷᠤᠢ ᠲᠠᠷᠬᠠᠭᠠᠵᠤ᠂ ︽ | ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠦᠨᠡᠨ ᠬᠦ ᠪᠡᠶᠡᠯᠡᠭᠦᠯᠵᠦ᠂ ᠨᠠᠮ ᠪᠠ | ᠤᠯᠤᠰ ᠠᠴᠠ ᠣᠯᠠᠨ ᠲᠦᠮᠡᠨ ᠳᠤ ᠬᠠᠨᠳᠤᠭᠤᠯᠤᠭᠰᠠᠨ ᠬᠠᠯᠠᠮᠵᠢᠯᠠᠯ ᠢ ᠲᠣᠳᠣᠷᠬᠠᠢ ᠲᠠᠶᠢᠯᠪᠤᠷᠢᠯᠠᠨ᠂ ᠲᠣᠳᠣᠷᠬᠠᠢ | ᠶᠠᠷᠢᠵᠤ᠂ ᠣᠯᠠᠨ ᠲᠦᠮᠡᠨ ᠳᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ︽ᠬᠠᠮᠢᠭ᠎ᠠ ᠠᠴᠠ | ᠢᠷᠡᠭᠰᠡᠨ᠂ ᠬᠡᠨ ᠤ ᠲᠥᠯᠥᠭᠡ ᠢᠷᠡᠭᠰᠡᠨ᠂ ᠬᠡᠨ ᠠᠰᠢᠭ ᠭᠥᠷᠳᠡᠬᠦ︾ ᠶᠢ ᠮᠡᠳᠡᠭᠦᠯᠪᠡ᠃ ᠬᠠᠮᠲᠤ ᠪᠠᠷ ᠪᠠᠶᠢᠭᠤᠯᠬᠤ | ᠨᠢᠭᠡᠴᠡ ᠬᠢᠨ ᠲᠤᠰ ᠪᠡᠶ᠎ᠡ ᠶᠢᠨ ᠰᠤᠷᠭᠠᠨ ᠬᠥᠮᠦᠵᠢᠯ᠂ ᠰᠣᠶᠣᠯ᠂ ᠮᠡᠳᠡᠭᠡ ᠵᠠᠩᠭᠢ ᠵᠡᠷᠭᠡ ᠡᠬᠢ ᠪᠠᠶᠠᠯᠢᠭ ᠤᠨ | ᠳᠠᠪᠠᠭᠤᠯᠢᠭ ᠲᠠᠢ ᠪᠠᠨ ᠤᠶᠠᠯᠳᠤᠭᠤᠯᠵᠤ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠲᠤᠰᠢᠶᠠᠯ᠂ ᠣᠨᠴᠠ | ᠴᠢᠳᠠᠪᠤᠷᠢ ᠪᠠ ᠦᠢᠯᠡᠴᠢᠯᠡᠭᠡᠨ ᠤ ᠰᠠᠨᠠᠮᠵᠢ ᠶᠢᠨ ᠶᠣᠰᠣᠭᠠᠷ᠂ ᠤᠯᠠᠨ ᠲᠦᠮᠡᠨ ᠳᠤ ᠨᠠᠷᠢᠯᠢᠭᠵᠢᠭᠤᠯᠤᠭᠰᠠᠨ | ᠦᠢᠯᠡᠴᠢᠯᠡᠭᠡ ᠬᠠᠩᠭᠠᠵᠤ᠂ ᠬᠥᠳᠡᠯᠮᠦᠷᠢ ᠠᠵᠢᠯ ᠣᠯᠭᠤᠯᠲᠠ᠂ ᠢᠳᠡᠭᠡᠨ ᠤ ᠠᠮᠤᠷ ᠲᠦᠪᠰᠢᠨ᠂ ᠬᠠᠶᠢᠷ᠎ᠠ ᠬᠠᠯᠠᠮᠵᠢ | ᠠᠯᠪᠠᠨ ᠵᠢᠷᠤᠮ ᠤᠨ ᠡᠮᠴᠢᠯᠡᠭᠡ ᠵᠡᠷᠭᠡ ᠠᠵᠢᠯᠯᠠᠭ᠎ᠠ ᠶᠢ 260 ᠭᠠᠷᠤᠢ ᠲᠠᠯᠠᠪᠤᠷ ᠤᠳᠠᠭ᠎ᠠ ᠦᠷᠨᠢᠭᠦᠯᠪᠡ᠂ ᠰᠡᠳᠬᠢᠯ ᠢ | ᠳᠤᠯᠠᠭᠠᠴᠠᠭᠤᠯᠬᠤ ᠦᠢᠯᠡᠴᠢᠯᠡᠭᠡᠨ ᠤ 146 ᠰᠠᠯᠪᠤᠷᠢ ᠪᠠᠭ᠎ᠠ ᠠᠩᠭᠢ ᠡᠷᠦᠭᠡ ᠳᠤ ᠣᠷᠣᠵᠤ 3.6 ᠲᠦᠮᠡ ᠭᠠᠷᠤᠢ | ᠬᠥᠮᠥᠨ ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠳᠤ ᠨᠡᠶᠢᠳᠡ 2.5 ᠲᠦᠮᠡ ᠭᠠᠷᠤᠢ ᠪᠣᠳᠠᠲᠤ | ᠶᠠᠪᠤᠳᠠᠯ ᠰᠠᠶᠢᠨ ᠶᠠᠪᠤᠳᠠᠯ ᠬᠢᠵᠦ᠂ ᠦᠢᠯᠡᠴᠢᠯᠡᠭᠡᠨ ᠤ ᠬᠠᠨᠤᠮᠵᠢᠲᠠᠢ ᠵᠢᠭᠠᠯᠲᠠ ᠲᠤᠭ᠎ᠠ ᠪᠠᠷ ᠤᠯᠠᠨ ᠲᠦᠮᠡᠨ ᠤ ᠵᠣᠯ | ᠵᠢᠷᠭᠠᠯ ᠤᠨ ᠵᠢᠭᠠᠯᠲᠠ ᠲᠤᠭ᠎ᠠ ᠶᠢ ᠦᠨᠡᠨᠬᠦ ᠳᠡᠭᠡᠭᠰᠢᠯᠡᠭᠦᠯᠪᠡ᠃ | ᠰᠢᠯᠭᠠᠨ ᠦᠨᠡᠯᠡᠬᠦ ᠰᠢᠰᠲ᠋ᠧᠮ ᠢ ᠰᠢᠯᠢᠳᠡᠭᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ ᠬᠥᠳᠡᠯᠭᠡᠭᠴᠢ | ᠡᠨᠧᠷᠭᠢ ᠶᠢ ᠬᠦᠭᠵᠢᠭᠡᠪᠡ᠃ ᠠᠵᠢᠯ ᠳᠤ ᠪᠠᠶᠢᠭ᠎ᠠ ᠨᠠᠮ ᠤᠨ ᠭᠡᠰᠢᠭᠦᠨ ᠰᠠᠭᠤᠭ᠎ᠠ ᠭᠠᠵᠠᠷ ᠤᠨ ᠨᠡᠶᠢᠭᠡᠮ | ᠲᠣᠭᠤᠷᠢᠭ ᠲᠤ ᠣᠴᠢᠵᠤ ᠦᠢᠯᠡᠴᠢᠯᠡᠬᠦ ᠨᠡᠷ᠎ᠡ ᠮᠡᠳᠡᠭᠦᠯᠬᠦ ᠪᠠ ᠦᠨᠡᠯᠡᠵᠦ ᠬᠠᠷᠢᠭᠤ ᠲᠤᠰᠬᠠᠬᠤ ᠲᠣᠭᠲᠠᠴᠠ ᠶᠢ | ᠪᠠᠶᠢᠭᠤᠯᠵᠤ᠂ ᠨᠡᠷ᠎ᠡ ᠮᠡᠳᠡᠭᠦᠯᠵᠦ ᠳᠠᠩᠰᠠᠯᠠᠬᠤ᠂ ᠨᠠᠷᠢᠨ ᠳᠠᠩᠰᠠ ᠶᠢ ᠵᠣᠯᠭᠠᠭᠤᠯᠬᠤ᠂ ᠠᠵᠢᠯ ᠤᠨ ᠪᠠᠶᠢᠷᠢ ᠭᠠᠷᠭᠠᠵᠤ | ᠬᠠᠷᠢᠭᠤᠴᠠᠯᠭ᠎ᠠ ᠲᠣᠭᠲᠠᠭᠠᠬᠤ ᠵᠡᠷᠭᠡ ᠠᠭᠤᠯᠭ᠎ᠠ ᠶᠢ ᠪᠦᠲᠦᠮᠵᠢᠲᠡᠢ ᠵᠢᠷᠣᠮᠵᠢᠭᠤᠯᠪᠠ᠃ ︽ᠨᠠᠮ ᠤᠨ ᠭᠡᠰᠢᠭᠦᠨ ᠤ | ᠤᠯᠤᠰ ᠲᠥᠷᠥ ᠶᠢᠨ ᠠᠮᠢᠳᠤᠷᠠᠯ ᠤᠨ ᠳᠠᠩᠰᠠ ᠡᠪᠬᠡᠮᠡᠯ︾ ᠢ ᠰᠢᠨ᠎ᠡ ᠪᠠᠷ ᠡᠭᠦᠳᠦᠨ ᠨᠠᠮ ᠤᠨ ᠭᠡᠰᠢᠭᠦᠨ ᠤ ᠬᠤᠪᠢ | ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠤ | ᠦᠢᠯᠡᠴᠢᠯᠡᠭᠡᠨ ᠤ ᠪᠠᠶᠢᠳᠠᠯ ᠤᠨ ᠪᠦᠬᠦ ᠶᠠᠪᠤᠴᠠ ᠶᠢ ᠪᠣᠳᠠᠲᠤ ᠲᠡᠮᠳᠡᠭᠯᠡᠵᠦ᠂ ᠠᠵᠢᠯ ᠳᠤ ᠪᠠᠶᠢᠭ᠎ᠠ ᠨᠠᠮ ᠤᠨ | ᠭᠡᠰᠢᠭᠦᠨ ᠤ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠣᠷᠣᠯᠴᠠᠭᠰᠠᠨ᠂ ᠰᠠᠶᠢᠨ ᠳᠤᠷ᠎ᠠ ᠶᠢᠨ ᠦᠢᠯᠡᠴᠢᠯᠡᠭᠡ᠂ | ᠦᠢᠯᠡᠳᠦᠯ ᠢᠶᠠᠨ ᠪᠠᠳᠠᠷᠠᠭᠤᠯᠤᠭᠰᠠᠨ ᠵᠡᠷᠭᠡ ᠪᠣᠳᠠᠲᠠᠢ ᠪᠠᠶᠢᠳᠠᠯ ᠢ ᠪᠤᠰᠤᠳᠴᠢ ᠪᠥᠭᠡᠳ ᠭᠤᠣᠯᠴᠢ ᠪᠠᠷ ᠲᠡᠮᠳᠡᠭᠯᠡᠵᠦ᠂ | ᠨᠠᠮ ᠤᠨ ᠡᠯ᠎ᠡ ᠵᠣᠬᠢᠶᠠᠨ ᠪᠠᠶᠢᠭᠤᠯᠤᠯᠲᠠ ᠨᠢ ᠵᠢᠯ ᠪᠦᠷᠢ ᠳᠡᠭᠡᠳᠦ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠳᠤ ᠪᠠᠨ ᠰᠠᠶᠢᠨ ᠳᠤᠷ᠎ᠠ ᠶᠢᠨ ᠦᠢᠯᠡᠴᠢᠯᠡᠭᠡ ᠶᠢ ᠪᠡᠶᠡᠯᠡᠭᠦᠯᠦᠭᠰᠡᠨ ᠪᠠᠶᠢᠳᠠᠯ ᠢᠶᠠᠨ ᠨᠢᠭᠡ ᠤᠳᠠᠭ᠎ᠠ | ᠮᠡᠳᠡᠭᠦᠯᠬᠦ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠬᠠᠭᠠᠰ ᠵᠢᠯ ᠳᠤ ᠪᠠᠶᠢᠭ᠎ᠠ ᠨᠠᠮ ᠤᠨ ᠡᠭᠦᠷ ᠲᠡᠭᠡᠨ ᠰᠠᠶᠢᠨ | ᠳᠤᠷ᠎ᠠ ᠶᠢᠨ ᠦᠢᠯᠡᠴᠢᠯᠡᠭᠡᠨ ᠤ ᠪᠠᠶᠢᠳᠠᠯ ᠢᠶᠠᠨ ᠨᠢᠭᠡ ᠤᠳᠠᠭ᠎ᠠ ᠮᠡᠳᠡᠭᠦᠯᠬᠦ ᠶᠢ ᠲᠣᠳᠣᠷᠬᠠᠶᠢᠯᠠᠪᠠ᠃ | ᠪᠠᠶᠢᠴᠠᠭᠠᠯᠲᠠ ᠶᠢᠨ ᠬᠠᠭᠤᠳᠠᠰᠤ ᠪᠣᠯᠣᠨ ᠠᠷᠠᠳ ᠤᠨ ᠰᠢᠯᠭᠠᠨ ᠦᠨᠡᠯᠡᠭᠰᠡᠨ ᠦᠷ᠎ᠡ ᠳ᠋ᠦᠩ ᠲᠠᠢ ᠣᠶᠠᠯᠳᠣᠭᠤᠯᠣᠨ᠂ | ᠨᠠᠮ ᠤᠨ ᠭᠡᠰᠢᠭᠦᠨ ᠺᠠᠳ᠋ᠷᠴᠤᠳ ᠲᠤ ︽ᠨᠠᠢᠮᠠᠨ ᠴᠠᠭ︾ ᠠᠴᠠ ᠭᠠᠳᠠᠨᠠᠬᠢ ᠨᠡᠶᠢᠭᠡᠮ ᠲᠣᠭᠤᠷᠢᠭ ᠤᠨ | ᠦᠢᠯᠡᠴᠢᠯᠡᠭᠡ ᠳᠤ ᠪᠠᠶᠢᠴᠠᠭᠠᠯᠲᠠ ᠢᠶᠠᠷ ᠪᠠᠨ ᠦᠷᠭᠦᠯᠵᠢᠯᠡᠭᠦᠯᠵᠦ᠂ ᠲᠡᠭᠦᠨ ᠤ ᠠᠷᠠᠳ ᠲᠦᠮᠡᠨ ᠤ ᠲᠥᠯᠥᠭᠡ | ᠦᠢᠯᠡᠴᠢᠯᠡᠭᠰᠡᠨ ᠶᠠᠰᠤ ᠴᠢᠨᠠᠷ ᠢ ᠰᠢᠯᠢᠳᠡᠭ ᠢ ᠰᠢᠯᠭᠠᠷᠠᠭᠤᠯᠤᠨ ᠳᠡᠰ ᠳᠡᠪᠰᠢᠭᠦᠯᠬᠦ ᠪᠠ ᠰᠣᠩᠭᠤᠨ ᠬᠡᠷᠡᠭᠯᠡᠬᠦ ᠶᠢᠨ | ᠴᠢᠬᠤᠯᠠ ᠦᠨᠳᠦᠰᠦᠯᠡᠯ ᠪᠣᠯᠭᠠᠵᠤ᠂ ᠡᠭᠦᠨ ᠤ ᠬᠠᠮᠲᠤ ︽ᠬᠤᠶᠠᠷ ᠨᠡᠷ᠎ᠡ ᠮᠡᠳᠡᠭᠦᠯᠬᠦ ᠬᠤᠶᠠᠷ ᠦᠢᠯᠡᠴᠢᠯᠡᠬᠦ ᠬᠤᠶᠠᠷ | ᠬᠠᠷᠢᠭᠤ ᠮᠡᠳᠡᠭᠦᠯᠬᠦ︾ ᠶᠢ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠣᠨ ᠤ ᠬᠢᠨᠠᠨ ᠰᠢᠯᠭᠠᠯᠲᠠ ᠳᠤ | ᠣᠷᠣᠭᠤᠯᠪᠠ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ | ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠠᠭᠤᠯᠭ᠎ᠠ ᠳᠤ ᠣᠷᠣᠭᠤᠯᠵᠤ᠂ ᠬᠤᠣᠰ | ᠰᠢᠯᠭᠠᠨ ᠦᠨᠡᠯᠡᠬᠦ ᠪᠠ ᠤᠷᠮᠠᠰᠢᠭᠤᠯᠤᠨ ᠵᠣᠷᠢᠭᠵᠢᠭᠤᠯᠵᠤ ᠱᠠᠩᠨᠠᠨ ᠲᠣᠷᠭᠠᠬᠤ ᠲᠣᠭᠲᠠᠴᠠ ᠶᠢ ᠪᠠᠶᠢᠭᠤᠯᠵᠤ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠳᠤᠮᠳᠠ ᠴᠣᠯᠭᠤᠷᠠᠨ ᠭᠠᠷᠤᠭᠰᠠᠨ ᠰᠢᠯᠢᠳᠡᠭ ᠨᠡᠶᠢᠲᠡᠯᠢᠭ ᠵᠢᠱᠢᠶ᠎ᠡ ᠶᠢ ᠬᠥᠬᠢᠭᠦᠯᠦᠨ | ᠱᠠᠩᠨᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠠᠷᠠᠳ ᠲᠦᠮᠡᠨ ᠳᠤ ᠦᠢᠯᠡᠴᠢᠯᠡᠬᠦ ᠬᠠᠯᠠᠭᠤᠨ | ᠰᠡᠳᠬᠢᠯᠭᠡ ᠪᠠ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ | ᠲᠠᠭᠠᠬᠤ ᠶᠢ ᠬᠥᠮᠥᠵᠢᠭᠦᠯᠦᠨ ᠬᠥᠲᠥᠯᠥᠨ ᠵᠢᠯᠣᠭᠤᠳᠪᠠ᠃ |