ᠲᠦᠩᠯᠢᠶᠣᠣ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ  ᠬᠢᠨ ᠵᠠᠷᠤᠳ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠥᠷᠨᠢᠭᠦᠯᠦᠭᠰᠡᠨ ᠲᠣᠬᠠᠢ ᠲᠤᠰᠬᠠᠢ  ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/2/29
    ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠢᠶᠠᠷ᠂ 2 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠵᠠᠷᠤᠳ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠥᠷᠨᠢᠭᠦᠯᠦᠭᠰᠡᠨ ᠲᠣᠬᠠᠢ ᠲᠤᠰᠬᠠᠢ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠬᠤ ᠬᠤᠷᠠᠯ ᠬᠢᠪᠡ᠃ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠳᠡᠳ᠋ ᠡᠷᠬᠢᠯᠡᠭᠴᠢ ᠪᠦᠦ ᠵᠠᠨ ᠵᠦ ᠬᠤᠷᠠᠯ ᠳᠤ ᠣᠷᠣᠯᠴᠠᠭᠰᠠᠨ ᠪᠥᠭᠡᠳ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠬᠠᠢ ᠱᠠᠭᠠᠷᠳᠠᠯᠭ᠎ᠠ ᠳᠤᠷᠠᠳᠴᠤ᠂ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠪᠦᠦ ᠫᠧᠩ ᠴᠠᠭᠳᠠᠨ ᠪᠠᠶᠢᠴᠠᠭᠠᠭᠰᠠᠨ ᠪᠠᠶᠢᠳᠠᠯ ᠢᠶᠠᠨ ᠬᠠᠷᠢᠭᠤ ᠲᠤᠰᠬᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠽᠢ ᠴᠢᠶᠠᠩ ᠬᠤᠷᠠᠯ ᠡᠷᠭᠢᠯᠡᠨ ᠶᠠᠷᠢᠶ᠎ᠠ  ᠲᠠᠯᠪᠢᠪᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃     ᠪᠦᠦ ᠵᠠᠨ ᠵᠤ᠋ ᠱᠠᠭᠠᠷᠳᠠᠭᠰᠠᠨ ᠨᠢ᠂  ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠴᠢᠬᠤᠯᠠ ᠶᠡᠭᠡ ᠠᠴᠢ ᠬᠤᠯᠪᠣᠭᠳᠠᠯ ᠪᠠ ᠤᠯᠤᠰ ᠲᠥᠷᠥ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂  ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠡᠷᠡᠰ ᠪᠠᠲᠤ ᠴᠢᠨᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠥᠪᠡᠷ ᠢ ᠪᠠᠨ ᠵᠢᠭᠰᠠᠭᠠᠨ ᠣᠷᠣᠭᠤᠯᠵᠤ᠂ ᠠᠵᠢᠯ ᠢᠶᠠᠨ ᠵᠢᠭᠰᠠᠭᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠵᠢᠭᠰᠠᠭᠠᠨ ᠣᠷᠣᠭᠤᠯᠵᠤ᠂ ᠠᠰᠠᠭᠤᠳᠠᠯ ᠤᠨ ᠰᠢᠯᠲᠠᠭᠠᠨ ᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠭᠦᠨᠵᠡᠭᠡᠶᠢᠷᠡᠵᠦ ᠪᠣᠳᠠᠲᠠᠶᠢᠵᠢᠬᠤ᠂ ᠲᠤᠤᠱᠲᠠᠢ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ᠦᠨᠡᠨ ᠬᠦ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠦᠨᠡᠨᠬᠦ ᠰᠢᠨ᠎ᠡ ᠶᠢ ᠡᠭᠦᠳᠬᠦ ᠣᠶᠢᠯᠠᠭᠠᠭᠳᠠᠬᠤᠨ ᠰᠡᠳᠬᠢᠴᠡ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠶᠢ ᠰᠦᠪᠡᠭᠴᠢᠯᠡᠵᠦ᠂ ᠠᠵᠢᠯ ᠤᠨ ᠲᠣᠭᠲᠠᠴᠠ ᠪᠠᠨ ᠪᠦᠷᠢᠨᠰᠢᠭᠦᠯᠬᠦ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠲᠤᠯᠠᠵᠤ᠂ ᠲᠤᠰᠠᠲᠠᠢ ᠠᠷᠭ᠎ᠠ ᠬᠡᠯᠪᠡᠷᠢ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠵᠤ᠂ ︽ᠨᠢᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ︾ ᠠᠴᠠ ︽ᠨᠢᠭᠡ ᠲᠦᠷᠦᠯ ᠤᠨ ᠠᠰᠠᠭᠤᠳᠠᠯ ᠢ ᠰᠢᠢᠳᠪᠦᠷᠢᠯᠡᠬᠦ︾ ᠲᠡᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠴᠠᠭᠳᠠᠨ ᠪᠠᠶᠢᠴᠠᠭᠠᠬᠤ ᠪᠠᠷ ᠰᠠᠶᠢᠵᠢᠷᠠᠭᠤᠯᠬᠤ ᠶᠢ ᠠᠬᠢᠭᠤᠯᠬᠤ᠂ ᠴᠠᠭᠳᠠᠨ ᠪᠠᠶᠢᠴᠠᠭᠠᠬᠤ ᠪᠠᠷ ᠵᠠᠰᠠᠬᠤ ᠶᠢ ᠠᠬᠢᠭᠤᠯᠬᠤ ᠂ ᠴᠠᠭᠳᠠᠨ ᠪᠠᠶᠢᠴᠠᠭᠠᠬᠤ ᠪᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠪᠠᠷ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠴᠢᠬᠤᠯᠠ ᠰᠢᠵᠢᠮ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠬᠦ ᠴᠢᠬᠤᠯᠠ ᠠᠷᠭ᠎ᠠ ᠬᠡᠮᠵᠢᠶ᠎ᠡ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠦᠴᠦᠲᠡᠢ ᠠᠵᠢᠯᠯᠠᠭ᠎ᠠ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠪᠡᠶᠡᠯᠡᠭᠦᠯᠬᠦ ᠬᠡᠷᠡᠭᠲᠡᠢ ᠭᠡᠪᠡ᠃     ᠪᠦᠦ ᠫᠧᠩ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠤᠯᠤᠰ ᠲᠦᠷᠤ ᠶᠢᠨ ᠵᠣᠭᠰᠣᠴᠠ ᠪᠠᠨ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ  ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠤ ᠶᠢᠨ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠠᠴᠠ ᠨᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠵᠠᠳᠠᠯᠤᠨ ᠰᠢᠨᠵᠢᠯᠡᠵᠦ᠂ ᠪᠠᠶᠢᠭᠤᠯᠤᠯ ᠲᠣᠭᠲᠠᠴᠠ᠂ ᠬᠠᠮᠢᠶᠠᠷᠤᠯᠲᠠ ᠬᠢᠨᠠᠯᠲᠠ ᠶᠢᠨ ᠲᠠᠯ᠎ᠠ ᠠᠴᠠ ᠰᠢᠯᠲᠠᠭᠠᠨ ᠢ ᠨᠢ ᠡᠷᠢᠵᠦ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠦᠷᠢᠮ ᠲᠣᠭᠲᠠᠭᠠᠯ ᠲᠣᠭᠲᠠᠭᠠᠬᠤ ᠶᠢ ᠰᠠᠶᠢᠲᠤᠷ ᠠᠳᠬᠤᠬᠤ ᠬᠡᠷᠡᠭᠲᠡᠢ ᠭᠡᠪᠡ᠃     ᠶᠠᠩ ᠽᠢ ᠴᠢᠶᠠᠩ ᠢᠯᠡᠷᠬᠡᠶᠢᠯᠡᠬᠦ ᠳᠡᠭᠡᠨ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠴᠠᠭᠳᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠦᠨᠡᠨ ᠬᠦ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠪᠦᠲᠦᠮᠵᠢᠲᠡᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠴᠠᠭᠳᠠᠨ ᠪᠠᠶᠢᠴᠠᠭᠠᠵᠤ ᠬᠠᠷᠢᠭᠤ ᠲᠣᠰᠬᠠᠭᠰᠠᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠭᠤ ᠲᠤᠰᠬᠠᠭᠰᠠᠨ ᠠᠰᠠᠭᠤᠳᠠᠯ ᠢ ᠪᠥᠬᠦ ᠲᠠᠯ᠎ᠠ ᠪᠠᠷ ᠲᠠᠨᠢᠵᠤ᠂ ᠰᠢᠯᠲᠠᠭᠠᠨ ᠢ ᠨᠠᠷᠢᠨ ᠬᠢᠨᠠᠮᠠᠭᠠᠢ ᠵᠠᠳᠠᠯᠤᠨ᠂ ᠴᠡᠭᠴᠡᠯᠡᠨ ᠰᠠᠶᠢᠵᠢᠷᠠᠭᠤᠯᠬᠤ ᠲᠥᠰᠥᠯ ᠢ ᠦᠳᠲᠡᠷ ᠲᠦᠷᠭᠡᠨ ᠲᠣᠭᠲᠠᠭᠠᠵᠤ᠂ ᠠᠰᠠᠭᠤᠳᠠᠯ ᠤᠨ ᠨᠠᠷᠢᠨ ᠳᠠᠩᠰᠠ᠂ ᠡᠭᠦᠷᠭᠡ ᠶᠢᠨ ᠨᠠᠷᠢᠨ ᠳᠠᠩᠰᠠ᠂ ᠠᠷᠭ᠎ᠠ ᠬᠡᠮᠵᠢᠶ᠎ᠡ ᠶᠢᠨ ᠨᠠᠷᠢᠨ ᠳᠠᠩᠰᠠ ᠪᠠ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ ᠨᠢᠭᠡ ᠶᠢ ᠬᠠᠰᠤᠬᠤ ᠶᠢ ᠦᠨᠡᠨᠬᠦ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠦᠬᠦ ᠲᠠᠯ᠎ᠠ ᠳᠤ ᠰᠠᠭᠤᠷᠢᠯᠠᠨ ᠨᠢᠭᠡ ᠪᠦᠯᠦᠭ ᠠᠯᠤᠰ ᠬᠡᠳᠦ ᠶᠢ ᠬᠠᠮᠢᠶᠠᠷᠬᠤ᠂ ᠦᠨᠳᠦᠰᠦᠨ ᠵᠦᠢᠯ ᠢ ᠵᠠᠰᠠᠬᠤ ᠳᠦᠷᠢᠮ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠳᠠᠯᠲᠠ ᠭᠡᠮ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠣᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠢ᠃ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠠᠭᠤᠷᠬᠠᠢ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠬᠤᠳᠠ ᠪᠠᠯᠭᠠᠰᠤᠨ ᠤ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ  ᠬᠦᠷᠢᠶ᠎ᠡ ᠴᠠᠷ᠎ᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ ᠣᠳᠣᠬᠢᠴᠢᠯᠠᠭᠰᠠᠨ ᠵᠠᠷᠣᠳ ᠢ ᠠᠬᠢᠭᠤᠯᠬᠤ ᠳᠤ ᠨᠡᠩ ᠲᠣᠭᠲᠠᠭᠤᠨ ᠠᠶᠤᠯᠭᠦᠢ ᠦᠢᠯᠡᠳᠪᠦᠷᠢᠯᠡᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃     ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号