2 ᠰᠠᠷ᠎ᠠ ᠶᠢᠨ 27 ᠤ ᠡᠳᠦᠷ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ | ᠬᠥᠮᠥᠨ ᠬᠠᠷ᠎ᠠ ᠬᠤᠷᠠᠨ ᠴᠤᠭᠯᠠᠷᠠᠬᠤ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ | ᠲᠤᠰᠬᠠᠢ ᠠᠵᠢᠯᠯᠠᠭ᠎ᠠ ᠥᠷᠨᠢᠭᠦᠯᠪᠡ᠃ ᠪᠠᠶᠢᠴᠠᠭᠠᠯᠲᠠ ᠶᠢᠨ ᠳᠤᠮᠳᠠ᠂ ᠠᠵᠢᠯᠲᠠᠳ ᠬᠥᠮᠥᠨ ᠬᠠᠷ᠎ᠠ ᠴᠤᠭᠯᠠᠷᠠᠬᠤ | ᠭᠠᠵᠠᠷ ᠲᠠᠯᠠᠪᠤᠷ ᠤᠨ ᠬᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠨᠢ ᠪᠦᠷᠢᠨ | ᠭᠦᠢᠴᠡᠳ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠪᠠᠷ | ᠨᠠᠷᠢᠨ ᠪᠠᠶᠢᠴᠠᠭᠠᠯᠲᠠ ᠬᠢᠪᠡ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ | ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠢ ᠱᠠᠭᠠᠷᠳᠠᠵᠦ ᠪᠠᠶᠢᠭᠠᠳ ᠳᠠᠷᠤᠶᠢᠬᠠᠨ ᠴᠡᠭᠴᠡᠯᠡᠨ | ᠰᠠᠶᠢᠵᠢᠷᠠᠭᠤᠯᠬᠤ ᠶᠢᠨ ᠬᠠᠮᠲᠤ᠂ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠨᠡᠨᠬᠦ | ᠴᠢᠩᠭᠠᠳᠬᠠᠨ᠂ ᠴᠠᠭᠳᠠᠨ ᠪᠠᠶᠢᠴᠠᠭᠠᠬᠤ ᠤᠳᠠᠭ᠎ᠠ ᠪᠠ ᠡᠷᠴᠢᠮ ᠢᠶᠠᠨ ᠴᠢᠩᠭᠠᠷᠠᠭᠤᠯᠵᠤ᠂ ᠭᠠᠯ ᠤᠨ ᠭᠠᠮᠰᠢᠭ ᠤᠨ | ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ | ᠱᠠᠭᠠᠷᠳᠠᠪᠠ᠃ | | | |