ᠵᠠᠩ ᠯᠢ ᠭᠦᠸᠧ ᠭᠡᠷᠴᠢᠯᠠᠭᠤ ᠰᠤᠮᠤᠨ ᠳᠤ ᠬᠦᠷᠴᠦ ᠴᠠᠭᠠᠨ ᠰᠠᠷ᠎ᠠ ᠠᠴᠠ ᠡᠮᠦᠨ᠎ᠡ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/4
      2 ᠰᠠᠷ᠎ᠠ ᠶᠢᠨ 2 ᠤᠨ ᠡᠳᠦᠷ᠂ ᠬᠤᠰᠢᠭᠤᠨ ᠤ ᠳᠡᠳ᠋ ᠳᠠᠷᠤᠭ᠎ᠠ ᠵᠠᠩ ᠯᠢ ᠭᠦᠸᠧ ᠭᠡᠷᠴᠢᠯᠠᠭᠤ ᠰᠤᠮᠤᠨ ᠳᠤ ᠬᠦᠷᠴᠦ ᠴᠠᠭᠠᠨ ᠰᠠᠷ᠎ᠠ ᠠᠴᠠ ᠡᠮᠦᠨ᠎ᠡ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠮᠠᠯᠴᠢᠳ ᠤᠨ ᠭᠡᠷ ᠲᠤ᠂ ᠵᠠᠩ ᠯᠢ ᠭᠦᠸᠧ ᠶᠠᠳᠠᠭᠤ ᠬᠦᠴᠢᠷᠳᠡᠯᠲᠡᠢ ᠤᠯᠠᠨ ᠲᠦᠮᠡᠨ ᠲᠠᠢ ᠵᠣᠭᠤᠭᠳᠠᠵᠤ᠂ ᠬᠠᠯᠠᠭᠤᠨ ᠲᠤᠯᠠᠭᠠᠨ ᠢ ᠨᠢ ᠯᠠᠪᠯᠠᠵᠦ᠂ ᠳᠡᠳᠡᠨ ᠳᠤ ᠰᠢᠨ᠎ᠡ ᠵᠢᠯ ᠤᠨ ᠵᠥᠩᠨᠡᠯ ᠳᠡᠪᠰᠢᠭᠦᠯᠵᠦ᠂ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠨᠢ ᠨᠠᠷᠢᠨ ᠠᠰᠠᠭᠤᠨ ᠯᠠᠪᠯᠠᠭᠰᠠᠨ ᠪᠥᠭᠡᠳ ᠤᠯᠠᠨ ᠢ ᠰᠢᠨ᠎ᠡ ᠨᠢᠭᠡᠨ ᠵᠢᠯ ᠳᠤ ᠴᠤᠭ ᠰᠦᠯᠳᠡ ᠪᠠᠨ ᠪᠠᠳᠠᠷᠠᠭᠤᠯᠵᠤ᠂ ᠪᠠᠶᠠᠰᠤᠩᠭᠤᠢ ᠠᠮᠢᠳᠤᠷᠠᠵᠤ᠂ ᠴᠢᠷᠮᠠᠶᠢᠵᠤ ᠪᠠᠶᠢᠭᠠᠳ ᠠᠮᠢᠳᠤᠷᠠᠯ ᠢᠶᠠᠨ ᠤᠯᠠᠮ ᠠᠴᠠ ᠤᠯᠠᠮ ᠰᠠᠶᠢᠵᠢᠷᠠᠭᠤᠯᠬᠤ ᠪᠠᠷ ᠴᠢᠷᠮᠠᠶᠢᠭᠠᠷᠠᠢ ᠭᠡᠵᠦ ᠵᠣᠷᠢᠭᠵᠢᠭᠤᠯᠪᠠ᠃ ᠡᠭᠦᠨ ᠤ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ  ᠪᠠᠴᠢᠮᠳᠠᠵᠦ ᠬᠦᠴᠢᠷᠳᠡᠵᠦ ᠪᠡᠷᠭᠡᠳᠡᠵᠦ ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠲᠡᠳᠬᠦᠬᠦ ᠡᠷᠴᠢᠮ ᠢᠶᠠᠨ ᠲᠠᠰᠤᠷᠠᠯᠳᠡ ᠦᠭᠡᠢ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠳᠠᠷᠠᠭ᠎ᠠ ᠳᠤᠨᠢ᠂ ᠵᠠᠩ ᠯᠢ ᠭᠦᠸᠧ ᠬᠠᠮᠳᠤ ᠶᠠᠪᠤᠭᠰᠠᠳ ᠲᠠᠢ  ᠪᠠᠨ ᠭᠡᠷᠴᠢᠯᠠᠭᠤ ᠰᠤᠮᠤ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠪᠠᠶᠢᠴᠠᠭᠠᠪᠠ᠃     
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号