| 2 ᠰᠠᠷ᠎ᠠ ᠶᠢᠨ 28 ᠤ ᠡᠳᠦᠷ᠂ ᠵᠠᠷᠤᠳ ᠬᠤᠰᠢᠭᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠬᠢᠪᠡ | ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠂ | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠡᠪᠡ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠦ᠋ | ᠴᠢᠩ ᠬᠠᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠶᠠᠩ ᠽᠢ ᠴᠢᠶᠠᠩ ᠵᠡᠷᠭᠡ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠤᠯᠭ᠎ᠠ | ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ ᠬᠤᠰᠢᠭᠤᠨ ᠤ ᠡᠯ᠎ᠡ | ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ᠂ ᠵᠠᠷᠣᠳ ᠲᠤ ᠰᠠᠭᠤᠭ᠎ᠠ ᠲᠥᠪ ᠣᠷᠣᠨ ᠬᠤᠲᠠ ᠶᠢᠨ ᠰᠢᠭᠤᠳ | ᠬᠠᠷᠢᠶ᠎ᠠ ᠨᠢᠭᠡᠴᠡ᠂ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ ᠵᠢᠴᠢ ᠨᠢᠭᠡᠳᠦᠮᠡᠯ ᠹᠷᠣᠨᠲ ᠤᠨ | ᠰᠢᠰᠲ᠋ᠧᠮ ᠤᠨ ᠪᠥᠬᠦ ᠺᠠᠳ᠋ᠷ ᠠᠵᠢᠯᠲᠠᠨ ᠠᠵᠢᠯᠴᠢᠨ ᠨᠠᠷ ᠬᠤᠷᠠᠯ ᠳᠤ ᠣᠷᠣᠯᠴᠠᠪᠠ᠃ | ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ | ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠪᠣᠯᠣᠨ ᠥᠪᠥᠷ ᠮᠣᠩᠭᠤᠯ ᠤᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠬᠤᠰᠢᠭᠤ ᠳᠠᠶᠠᠭᠠᠷ ᠢᠶᠠᠷ ᠢᠶᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠲᠤᠬᠠᠢ ᠦᠵᠡᠯ ᠰᠠᠨᠠᠭ᠎ᠠ | ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ | ᠡᠭᠦᠷᠭᠡ ᠶᠢ ᠲᠣᠳᠣᠷᠬᠠᠶᠢᠯᠠᠨ᠂ ᠳᠠᠶᠢᠨ ᠢ ᠤᠭᠲᠤᠨ ᠪᠠᠶᠢᠯᠳᠤᠬᠤ ᠪᠠᠶᠢᠳᠠᠯ ᠳᠤ ᠦᠳᠲᠡᠷ ᠲᠦᠷᠭᠡᠨ ᠣᠷᠣᠵᠤ᠂ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠰᠢᠪᠳᠣᠯᠣᠯᠲᠠ ᠶᠢᠨ ᠳᠠᠶᠢᠯᠠᠯᠳᠣᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠬᠤ | ᠬᠡᠷᠡᠭᠲᠡᠢ ᠭᠡᠪᠡ᠃ | ᠱᠣᠣ ᠶᠠᠨ ᠵᠢᠶᠦ᠋ᠨ ᠵᠢᠭᠠᠪᠣᠷᠢᠯᠠᠭᠰᠠᠨ ᠨᠢ᠂ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ | ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠣᠯ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ | ᠦᠢᠯᠡᠰ ᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠮᠥᠨ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ | ᠦᠨᠳᠦᠰᠦᠲᠡᠨ ᠤ ᠪᠦᠯᠬᠦᠮᠳᠡᠯ ᠤᠨ ᠦᠢᠯᠡᠰ ᠢ ᠬᠠᠮᠲᠤ ᠪᠠᠷ ᠠᠬᠢᠭᠤᠯᠬᠤ ᠴᠢᠬᠤᠯᠠ ᠲᠠᠪᠴᠠᠩ ᠮᠥᠨ᠂ ᠪᠠᠰᠠ ᠴᠤ | ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠭᠦᠢᠴᠡᠳ | ᠢᠯᠡᠷᠡᠭᠦᠯᠬᠦ ᠰᠠᠶᠢᠨ ᠲᠣᠬᠢᠶᠠᠯ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠷᠬᠡᠪᠰᠢ ᠴᠠᠭ ᠮᠥᠴᠡ ᠪᠢᠳᠡᠨ ᠢ ᠬᠦᠯᠢᠶᠡᠬᠦ ᠦᠭᠡᠢ ᠭᠡᠬᠦ ᠪᠠᠴᠢᠮ | ᠲᠤᠯᠭᠠᠮ᠎ᠠ ᠰᠡᠳᠬᠢᠯᠭᠡ᠂ ᠥᠷᠯᠥᠭᠡ ᠦᠳᠡᠰᠢ ᠶᠢ ᠲᠡᠮᠡᠴᠡᠬᠦ ᠡᠭᠦᠷᠭᠡᠲᠦ ᠰᠡᠳᠬᠢᠯᠭᠡ᠂ ᠬᠦᠴᠦ ᠬᠦᠯᠦᠰᠦ ᠭᠠᠷᠭᠠᠬᠤ | ᠴᠤᠭ ᠰᠦᠯᠳᠡ ᠪᠠᠷ ᠡᠨᠡ ᠵᠢᠯ ᠤᠨ ᠡᠭᠦᠳᠦᠨ ᠪᠠᠶᠢᠭᠤᠯᠬᠤ ᠠᠵᠢᠯ ᠤᠨ ᠠᠮᠵᠢᠯᠲᠠ ᠶᠢ ᠪᠠᠲᠤᠯᠠᠬᠤ ᠬᠡᠷᠡᠭᠲᠡᠢ᠃ | ᠡᠭᠦᠳᠦᠨ ᠪᠠᠶᠢᠭᠤᠯᠬᠤ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷ᠎ᠠ᠂ ᠪᠦᠬᠦ | ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠪᠠᠷᠢᠮᠵᠢᠶ᠎ᠠ ᠳᠤ ᠨᠡᠶᠢᠴᠡᠭᠦᠯᠦᠨ ᠵᠢᠱᠢᠶᠡᠴᠢ ᠲᠠᠢ ᠬᠠᠷᠢᠴᠠᠭᠤᠯᠣᠨ | ᠳᠣᠲᠠᠭᠳᠠᠯ ᠢᠶᠠᠨ ᠨᠥᠬᠦᠪᠦᠷᠢᠯᠡᠨ᠂ ᠭᠤᠣᠯ ᠰᠡᠳᠦᠪᠲᠦ ᠠᠭᠤᠯᠤᠭᠳᠠᠬᠤᠨ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠠᠷᠭ᠎ᠠ ᠬᠡᠯᠪᠡᠷᠢ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ ᠰᠣᠳᠣᠨ ᠪᠦᠲᠦᠭᠡᠯ᠂ ᠨᠡᠶᠢᠲᠡᠯᠢᠭ ᠵᠢᠱᠢᠶ᠎ᠡ ᠶᠢ | ᠡᠭᠦᠳᠴᠦ᠂ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠵᠦ᠂ ᠨᠡᠩ ᠶᠡᠭᠡ ᠨᠥᠯᠥᠭᠡᠯᠡᠬᠦ ᠬᠦᠴᠦᠨ ᠲᠠᠢ᠂ ᠤᠷᠢᠶᠠᠯᠠᠬᠤ ᠬᠦᠴᠦᠨ ᠲᠠᠢ ᠠᠷᠭ᠎ᠠ ᠬᠡᠯᠪᠡᠷᠢ ᠪᠠᠷ | ᠵᠠᠷᠣᠳ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠭᠦᠨ ᠵᠤᠵᠠᠭᠠᠨ ᠨᠡᠶᠢᠭᠡᠮ ᠤᠨ ᠠᠭᠤᠷ | ᠠᠮᠢᠰᠬᠤᠯ ᠢ ᠬᠠᠮᠲᠤᠪᠠᠷ ᠪᠤᠢ ᠪᠣᠯᠭᠠᠬᠤ ᠬᠡᠷᠡᠭᠲᠡᠢ ᠭᠡᠪᠡ᠃ | ᠱᠣᠣ ᠶᠠᠨ ᠵᠢᠶᠦ᠋ᠨ ᠱᠠᠭᠠᠷᠳᠠᠭᠰᠠᠨ ᠨᠢ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠪᠣᠯ ᠨᠢᠭᠡ ᠵᠦᠢᠯ ᠤᠨ ᠶᠡᠷᠦᠩᠬᠡᠶᠢᠯᠡᠭᠰᠡᠨ ᠴᠢᠨᠠᠷᠲᠠᠢ | ᠰᠢᠰᠲ᠋ᠧᠮᠲᠦ ᠢᠨᠵᠧᠨᠧᠷᠢᠩ ᠮᠥᠨ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠠᠵᠢᠯ ᠤᠨ ᠬᠡᠮᠵᠢᠶ᠎ᠡ ᠨᠢ ᠶᠡᠭᠡ᠂ | ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠡᠯ᠎ᠡ ᠲᠠᠯ᠎ᠠ ᠶᠢᠨ ᠬᠢᠨ ᠬᠠᠮᠲᠤ ᠪᠠᠷ | ᠬᠦᠴᠦᠯᠡᠵᠦ᠂ ᠰᠡᠳᠭᠢᠯ ᠢᠶᠠᠨ ᠬᠠᠮᠲᠤᠳᠬᠠᠨ᠂ ᠬᠤᠯᠪᠣᠭᠠᠯᠠᠨ ᠰᠢᠪᠳᠣᠯᠬᠤ ᠬᠡᠷᠡᠭᠲᠡᠢ᠃ ᠪᠥᠬᠦ ᠬᠤᠰᠢᠭᠤᠨ ᠤ | ᠳᠡᠭᠡᠳᠦ ᠳᠣᠣᠷᠠᠳᠤ ᠱᠠᠲᠤᠨ ᠤ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ | ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠳᠠᠯᠠᠵᠤ᠂ | ᠣᠶᠤᠨ ᠴᠢᠳᠠᠯ ᠢᠶᠠᠨ ᠲᠥᠪᠯᠡᠷᠡᠭᠦᠯᠦᠨ᠂ ᠬᠦᠴᠦᠯᠡᠨ ᠴᠢᠷᠮᠠᠶᠢᠵᠤ᠂ ᠪᠥᠬᠦ ᠲᠠᠯ᠎ᠠ ᠪᠠᠷ ᠪᠣᠭᠤᠮᠲᠠ ᠰᠢᠪᠲᠤᠯᠵᠤ᠂ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠ ᠲᠠᠢ | ᠡᠭᠦᠳᠦᠨ ᠪᠠᠶᠢᠭᠤᠯᠬᠤ ᠶᠢ ᠪᠠᠲᠤᠯᠠᠵᠤ᠂ ᠦᠨᠡᠨ ᠪᠣᠳᠠᠲᠠᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠷ ᠢᠶᠠᠨ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠵᠠᠷᠣᠳ ᠤᠨ ᠬᠤᠪᠢ | ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃ | ᠪᠦᠦ ᠸᠧᠨ ᠯᠠᠨ ᠳ᠋ᠦᠩᠨᠡᠯᠲᠡ ᠶᠢᠨ ᠶᠠᠷᠢᠶᠠᠨ ᠳᠠᠭᠠᠨ᠂ ᠡᠭᠦᠳᠦᠨ ᠪᠠᠶᠢᠭᠤᠯᠬᠤ ᠠᠵᠢᠯ ᠨᠢᠭᠡᠨᠲᠡ | ᠰᠢᠪᠳᠣᠯᠣᠯᠲᠠ ᠶᠢᠨ ᠭᠤᠭᠴᠤᠭ᠎ᠠ᠂ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰ ᠭᠠᠵᠠᠷ ᠣᠷᠣᠨ ᠲᠤᠰ | ᠰᠠᠯᠠᠭ᠎ᠠ ᠮᠥᠴᠢᠷ ᠤᠨ ᠢᠶᠠᠨ ᠪᠣᠳᠠᠲᠤ ᠪᠠᠶᠢᠳᠠᠯ ᠳᠤ ᠰᠠᠭᠤᠷᠢᠯᠠᠵᠤ᠂ ᠠᠵᠢᠯ ᠤᠨ ᠡᠭᠦᠷᠭᠡ ᠠᠷᠭ᠎ᠠ ᠬᠡᠮᠵᠢᠶ᠎ᠡ ᠪᠠᠨ | ᠨᠠᠷᠢᠯᠢᠭᠵᠢᠭᠤᠯᠵᠤ᠂ ᠠᠵᠢᠯ ᠤᠨ ᠬᠦᠴᠦᠯᠡᠬᠦ ᠴᠡᠭ᠂ ᠤᠶᠠᠯᠳᠤᠬᠤ ᠴᠡᠭ ᠢᠶᠠᠨ ᠣᠨᠣᠪᠴᠢᠲᠠᠢ ᠡᠷᠢᠵᠦ᠂ ᠡᠭᠦᠳᠦᠨ | ᠪᠠᠶᠢᠭᠤᠯᠬᠤ ᠠᠵᠢᠯ ᠤᠨ ᠡᠷᠴᠢᠮᠲᠡᠢ ᠡᠮᠬᠢ ᠵᠢᠷᠤᠮ ᠲᠠᠢ ᠪᠦᠲᠦᠮᠵᠢᠲᠡᠢ ᠠᠬᠢᠬᠤ ᠶᠢ ᠪᠠᠲᠤᠯᠠᠬᠤ ᠬᠡᠷᠡᠭᠲᠡᠢ᠃ | ᠤᠳᠤᠷᠢᠳᠬᠤ ᠳᠤᠭᠤᠶᠢᠯᠠᠩ ᠪᠠ ᠠᠵᠢᠯ ᠤᠨ ᠲᠤᠰᠬᠠᠢ ᠠᠩᠭᠢ ᠶᠢᠨ ᠬᠢᠨ ᠲᠦᠷᠦᠭᠦᠯᠡᠨ ᠵᠣᠬᠢᠴᠠᠭᠤᠯᠬᠤ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠤᠰᠢᠭᠤᠨ ᠤ ᠡᠭᠦᠳᠦᠨ ᠪᠠᠶᠢᠭᠤᠯᠬᠤ ᠠᠯᠪᠠᠨ ᠭᠡᠷ ᠤᠨ ᠪᠣᠳᠠᠲᠤ | ᠴᠣᠭᠴᠠᠲᠤ ᠠᠵᠢᠯᠯᠠᠭᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ | ᠲᠣᠬᠢᠷᠠᠭᠤᠯᠬᠤ᠂ ᠲᠤᠰᠬᠠᠢ ᠠᠬᠢᠭᠤᠯᠬᠤ᠂ ᠬᠢᠨᠠᠯᠲᠠ ᠲᠠᠯᠪᠢᠵᠤ ᠰᠢᠯᠭᠠᠨ ᠦᠨᠡᠯᠡᠬᠦ᠂ ᠬᠠᠷᠢᠭᠤᠴᠠᠯᠭ᠎ᠠ ᠨᠡᠬᠡᠮᠵᠢᠯᠡᠬᠦ | ᠵᠡᠷᠭᠡ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ | ᠬᠥᠮᠦᠵᠢᠯ ᠢ ᠥᠷᠨᠢᠭᠦᠯᠬᠦ ᠶᠢ ᠠᠷᠠᠳ ᠤᠨ ᠪᠠᠶᠢᠳᠠᠯ ᠢ ᠰᠤᠷᠪᠤᠯᠵᠢᠯᠠᠬᠤ᠂ ᠠᠷᠠᠳ ᠤᠨ ᠵᠣᠪᠠᠨᠢᠯ ᠢ ᠠᠷᠢᠯᠭᠠᠬᠤ᠂ | ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠵᠢᠯ ᠲᠠᠢ | ᠤᠶᠠᠯᠳᠤᠭᠤᠯᠵᠤ᠂ ᠤᠯᠠᠨ ᠲᠦᠮᠡᠨ ᠤ ᠠᠮᠢᠳᠤᠷᠠᠯ ᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠴᠢᠷᠮᠠᠶᠢᠨ | ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯᠲᠠᠢ ᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠤᠬᠠᠭᠤᠯᠭ᠎ᠠ ᠶᠢᠨ | ᠠᠷᠭ᠎ᠠ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ ᠶᠢ ᠴᠢᠬᠤᠯᠠᠴᠢᠯᠠᠵᠤ | ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠵᠠᠷᠤᠳ ᠬᠤᠰᠢᠭᠤ ᠤ ᠪᠠᠨ ᠡᠭᠦᠳᠦᠨ | ᠪᠠᠶᠢᠭᠤᠯᠤᠭᠰᠠᠨ ᠠᠮᠢᠳᠤᠯᠢᠭ ᠥᠯᠢᠭᠡᠷ ᠢ ᠰᠠᠶᠢᠲᠤᠷ ᠶᠠᠷᠢᠵᠤ᠂ ᠵᠠᠷᠤᠳ ᠬᠤᠰᠢᠭᠤ ᠤ ᠪᠠᠨ ᠡᠭᠦᠳᠦᠨ ᠪᠠᠶᠢᠭᠤᠯᠤᠭᠰᠠᠨ | ᠬᠠᠩᠭᠢᠨᠠᠮ᠎ᠠ ᠲᠠᠭᠤᠨ ᠢ ᠳᠠᠭᠤᠷᠢᠰᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠳᠡᠪᠬᠢ ᠬᠦᠴᠦᠨ ᠢ | ᠤᠯᠠᠮᠵᠢᠯᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠲᠦᠩᠯᠢᠶᠣᠣ ᠬᠤᠳᠠ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ︔ ︽ᠵᠠᠷᠤᠳ ᠬᠤᠰᠢᠭᠤᠨ ᠤ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠲᠥᠰᠥᠯ︾ ᠳᠤ | ᠲᠠᠶᠢᠯᠤᠮᠵᠢ ᠬᠢᠪᠡ︔ ᠱᠤᠤ ᠶᠠᠨ ᠵᠢᠶᠦ᠋ᠨ ᠡᠯ᠎ᠡ ᠰᠤᠮᠤ ᠪᠠᠯᠭᠠᠰᠤ ᠲᠠᠯᠠᠪᠠᠢ ᠵᠢᠴᠢ ᠰᠠᠯᠠᠭ᠎ᠠ ᠮᠥᠴᠢᠷ ᠤᠨ | ᠲᠥᠯᠥᠭᠡᠯᠡᠭᠴᠢᠳ ᠲᠠᠢ ᠵᠠᠷᠤᠳ ᠬᠤᠰᠢᠭᠤᠨ ᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ | ᠵᠢᠷᠣᠪᠠ︔ ᠠᠷᠤ ᠬᠥᠨᠳᠡᠯᠡᠨ ᠪᠠᠯᠭᠠᠰᠤ᠂ ᠦᠯᠵᠡᠶᠢᠮᠦ᠋ᠷᠡᠨ ᠰᠤᠮᠤ᠂ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠰᠣᠶᠣᠯ ᠵᠢᠭᠤᠯᠴᠢᠯᠠᠯ ᠤᠨ | ᠲᠣᠪᠴᠢᠶ᠎ᠠ ᠶᠢᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ᠃ | | | |