ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠬᠢᠨ ᠣᠶ ᠰᠢᠭᠤᠢ ᠨᠤᠳᠤᠭ ᠪᠡᠯᠴᠢᠭᠡᠷ ᠤᠨ ᠠᠬᠠᠯᠠᠭᠴᠢ ᠶᠢᠨ ᠳᠦᠷᠢᠮ ᠤᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠪᠡ
ᠨᠡᠶᠢᠲᠡᠯᠡᠭᠰᠡᠨ ᠴᠠᠭ᠄
2024/3/1
    ᠣᠶ ᠰᠢᠭᠤᠢ ᠨᠤᠳᠤᠭ ᠪᠡᠯᠴᠢᠭᠡᠷ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠠᠬᠠᠯᠠᠭᠴᠢ ᠶᠢᠨ ᠳᠦᠷᠢᠮ ᠤᠨ ᠠᠵᠢᠯ ᠤᠨ ᠬᠠᠷᠠᠯᠲᠠ᠂ ᠡᠭᠦᠷᠭᠡ᠂ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 28 ᠤ ᠦᠳᠡ ᠶᠢᠨ ᠡᠮᠦᠨ᠎ᠡ᠂ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠬᠢᠨ 2024 ᠣᠨ ᠤ ᠣᠶ ᠰᠢᠭᠤᠢ ᠨᠤᠳᠤᠭ ᠪᠡᠯᠴᠢᠭᠡᠷ ᠤᠨ ᠲᠤᠰᠬᠠᠢ ᠠᠵᠢᠯᠲᠠᠨ ᠤ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ ᠬᠢᠪᠡ᠃ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠬᠠᠮᠢᠶ᠎ᠠ ᠪᠦᠬᠦᠢ ᠲᠠᠰᠤᠭ ᠤᠨ ᠬᠠᠷᠢᠭᠤᠴᠠᠯᠭᠠᠲᠠᠨ ᠵᠢᠴᠢ ᠡᠯ᠎ᠡ ᠰᠤᠮᠤ ᠪᠠᠯᠭᠠᠰᠤ ᠲᠠᠯᠠᠪᠠᠶ ᠶᠢᠨ ᠣᠶ ᠰᠢᠭᠤᠢ ᠨᠤᠳᠤᠭ ᠪᠡᠯᠴᠢᠭᠡᠷ ᠤᠨ ᠠᠬᠠᠯᠠᠭᠴᠢ ᠶᠢᠨ ᠳᠦᠷᠢᠮ ᠤᠨ ᠠᠯᠪᠠᠨ ᠭᠡᠷ ᠤᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠵᠢᠯᠲᠠᠨ ᠪᠣᠯᠪᠠᠰᠤᠷᠠᠭᠤᠯᠤᠯ ᠳᠤ ᠤᠷᠤᠯᠴᠠᠪᠠ᠃     
微信图片_20240301112624.jpg
     ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠲᠤᠸ ᠠᠴᠠ 2024 ᠣᠨ ᠤ ᠣᠶ ᠰᠢᠭᠤᠢ ᠨᠤᠳᠤᠭ ᠪᠡᠯᠴᠢᠭᠡᠷ ᠤᠨ ᠠᠬᠠᠯᠠᠭᠴᠢ ᠶᠢᠨ ᠳᠦᠷᠢᠮ ᠤᠨ ᠠᠵᠢᠯ ᠤᠨ ᠭᠤᠣᠯᠳᠠᠯᠭ᠎ᠠ ᠶᠢ ᠤᠯᠠᠮᠵᠢᠯᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ︽ᠠᠵᠤ ᠦᠢᠯᠡᠰ ᠤᠨ ᠪᠦᠲᠦᠴᠡ ᠶᠢᠨ ᠰᠢᠨ᠎ᠡ ᠶᠢ ᠡᠭᠦᠳᠴᠦ᠂ ᠵᠠᠷᠤᠳ ᠬᠤᠰᠢᠭᠤᠨ ᠤ ᠬᠢᠲᠠᠳ ᠡᠪᠡᠰᠦᠨ ᠡᠮ ᠤᠨ ᠮᠠᠲ᠋ᠧᠷᠢᠶᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ︽ᠲᠠᠯ᠎ᠠ ᠨᠤᠲᠤᠭ ᠤᠨ ᠬᠤᠷᠣᠬᠠᠢ ᠰᠢᠪᠡᠵᠢ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ᠂ ᠭᠠᠳᠠᠨ᠎ᠠ ᠠᠴᠠ ᠣᠷᠣᠵᠤ ᠢᠷᠡᠭᠰᠡᠨ ᠬᠤᠣᠷ ᠬᠥᠨᠥᠭᠡᠯ ᠲᠠᠢ ᠤᠷᠭᠤᠮᠠᠯ ᠢ ᠰᠡᠷᠭᠡᠶᠢᠯᠡᠨ ᠡᠵᠡᠮᠳᠡᠬᠦ︾ ︽ᠣᠶ ᠰᠢᠭᠤᠢ ᠶᠢᠨ ᠬᠥᠨᠥᠭᠡᠯᠲᠡᠢ ᠠᠮᠢᠳᠤ ᠪᠣᠳᠠᠰ ᠢ ᠢᠯᠭᠠᠨ ᠲᠠᠨᠢᠬᠤ ᠪᠠ ᠰᠡᠷᠭᠡᠶᠢᠯᠡᠨ ᠵᠠᠰᠠᠬᠤ︾ ᠭᠤᠣᠯ ᠰᠡᠳᠦᠪ ᠤᠨ ᠲᠤᠬᠠᠢ ᠨᠠᠷᠢᠨ ᠲᠠᠶᠢᠯᠪᠤᠷᠢᠯᠠᠯᠲᠠ ᠬᠢᠪᠡ᠃    
微信图片_20240301112631.jpg
     ᠪᠣᠯᠪᠠᠰᠤᠷᠠᠭᠤᠯᠤᠯ ᠢ ᠠᠵᠢᠯ ᠤᠨ ᠪᠣᠳᠠᠲᠤ ᠤᠴᠢᠷ ᠶᠠᠪᠤᠳᠠᠯ ᠢᠶᠠᠷ ᠲᠠᠶᠢᠯᠤᠮᠵᠢ ᠬᠢᠬᠦ ᠪᠠ ᠬᠡᠷᠡᠯ ᠵᠢᠷᠤᠭ ᠤᠨ ᠪᠣᠳᠠᠲᠤ ᠵᠢᠱᠢᠶ᠎ᠡ ᠪᠠᠷ ᠳᠡᠯᠭᠡᠨ ᠦᠵᠡᠭᠦᠯᠬᠦ ᠠᠷᠭ᠎ᠠ ᠮᠠᠶ᠋ᠢᠭ ᠢᠶᠠᠷ ᠥᠷᠨᠢᠭᠦᠯᠵᠦ᠂ ᠵᠢᠯᠤᠭᠤᠳᠬᠤ ᠴᠢᠨᠠᠷ ᠪᠠ ᠬᠠᠨᠳᠤᠯᠭᠠᠲᠤ ᠴᠢᠨᠠᠷ ᠢᠶᠠᠷ ᠮᠠᠰᠢ ᠴᠢᠩᠭ᠎ᠠ ᠪᠠᠶᠢᠵᠤ᠂ ᠠᠵᠢᠯᠳᠠᠨ ᠢ ᠬᠠᠪᠰᠤᠷᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠨᠠᠩ ᠲᠤᠰᠬᠠᠢ᠂ ᠨᠠᠩ ᠰᠢᠰᠲ᠋ᠧᠮ ᠲᠠᠢ᠂ ᠨᠠᠩ ᠪᠥᠬᠦ ᠲᠠᠯ᠎ᠠ ᠪᠠᠷ ᠣᠶᠢᠯᠠᠭᠠᠭᠤᠯᠵᠤ᠂ ᠣᠶ ᠰᠢᠭᠤᠢ ᠨᠳᠤᠭ ᠪᠡᠯᠴᠢᠭᠡᠷ ‍ᠦᠨ‌ᠠᠬᠠᠯᠠᠭᠴᠢ ᠶᠢᠨ ᠳᠦᠷᠢᠮ ᠤᠨ ᠠᠵᠢᠯ ᠢ ᠤᠯᠠᠮ ᠨᠢᠭᠡ ᠠᠯᠬᠤᠮ ᠥᠷᠨᠢᠭᠦᠯᠬᠦ ᠳᠤ ᠰᠠᠭᠤᠷᠢ ᠲᠠᠯᠪᠢᠪᠠ᠃    
微信图片_20240301112636.jpg
    ᠬᠤᠷᠠᠯ ᠠᠴᠠ᠂ ᠨᠢᠭᠡ ᠳᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠪᠠᠲᠤᠳᠬᠠᠵᠤ᠂ ᠤᠢ ᠰᠢᠭᠤᠢ  ᠨᠤᠳᠤᠭ ᠪᠡᠯᠴᠢᠭᠡᠷ ᠤᠨ ᠠᠬᠠᠯᠠᠭᠴᠢ ᠶᠢᠨ ᠳᠦᠷᠢᠮ ᠤᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠣᠯᠪᠠᠰᠤᠷᠠᠯ ᠤᠨ ᠦᠷ᠎ᠡ ᠪᠦᠲᠦᠭᠡᠯ ᠢᠶᠠᠨ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠷᠦᠯ ᠳᠠᠷᠠᠭᠠᠯᠠᠨ ᠰᠠᠶᠢᠲᠤᠷ ᠠᠳᠬᠤᠵᠤ᠂ ᠤᠢ ᠰᠢᠭᠤᠢ ᠨᠤᠳᠤᠭ ᠪᠡᠯᠴᠢᠭᠡᠷ ‍ᠦᠨ‌ᠠᠬᠠᠯᠠᠭᠴᠢ ᠶᠢᠨ ᠳᠦᠷᠢᠮ ᠤᠨ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠢ ᠡᠮᠬᠢ ᠳᠢᠭᠯᠢᠮ ᠲᠠᠢ ᠠᠬᠢᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠢ ᠰᠢᠭᠤᠢ ᠶᠢᠨ ᠠᠬᠠᠯᠠᠭᠴᠢ ᠶᠢᠨ ᠤᠢ ᠰᠢᠭᠤᠢ ᠶᠢ ᠲᠣᠭᠤᠷᠢᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠲᠠᠢ ᠨᠢᠭᠲᠠ ᠤᠶᠠᠯᠳᠤᠭᠤᠯᠵᠤ ᠂ ᠡᠬᠡ ᠲᠠᠩᠰᠠ ᠨᠠᠷᠢᠨ ᠲᠠᠩᠰᠠ ᠶᠢ ᠪᠠᠶᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠤᠢ ᠰᠢᠭᠤᠢ ᠨᠤᠳᠤᠭ ᠪᠡᠯᠴᠢᠭᠡᠷ ᠤᠨ ᠠᠬᠠᠯᠠᠭᠴᠢ ᠶᠢᠨ ᠳᠦᠷᠢᠮ ᠤᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠳᠥᠷᠪᠡ ᠳᠤ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠪᠠᠨ ᠴᠢᠩᠭᠠᠳᠬᠠᠵᠤ᠂ ᠣᠶ ᠰᠢᠭᠤᠢ ᠶᠢᠨ ᠠᠬᠠᠯᠠᠭᠴᠢ ᠶᠢᠨ ᠳᠦᠷᠢᠮ ᠤᠨ ᠠᠵᠢᠯ ᠤᠨ ᠲᠠᠪᠴᠠᠩ ᠢ ᠠᠰᠢᠭᠯᠠᠨ ᠣᠶ ᠰᠢᠭᠤᠢ ᠬᠠᠮᠠᠭᠠᠯᠠᠭᠴᠢ ᠶᠢᠨ ᠡᠩᠨᠡᠭᠡ ᠶᠢ ᠰᠠᠶᠢᠲᠤᠷ ᠬᠠᠮᠢᠶᠠᠷᠴᠤ᠂ ᠣᠶ ᠰᠢᠭᠤᠢ ᠬᠠᠮᠠᠭᠠᠯᠠᠭᠴᠢ ᠶᠢᠨ ᠣᠶ ᠰᠢᠭᠤᠢ ᠳᠤ ᠬᠤᠯᠪᠣᠭᠳᠠᠭᠰᠠᠨ ᠬᠡᠷᠡᠭ᠂ ᠣᠶ ᠰᠢᠭᠤᠢ ᠶᠢᠨ ᠭᠠᠯ ᠤᠨ ᠭᠠᠮᠰᠢᠭ ᠢ ᠤᠬᠠᠭᠤᠯᠬᠤ᠂ ᠲᠣᠭᠤᠷᠢᠨ ᠬᠠᠮᠠᠭᠠᠯᠠᠬᠤ ᠪᠠ ᠬᠠᠮᠵᠢᠨ ᠪᠠᠶᠢᠴᠠᠭᠠᠬᠤ ᠵᠡᠷᠭᠡ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠦᠨᠳᠦᠰᠦᠨ ᠱᠠᠲᠤᠨ ᠤ ᠣᠶ ᠰᠢᠭᠤᠢ ᠨᠤᠳᠤᠭ ᠪᠡᠯᠴᠢᠭᠡᠷ ᠤᠨ ᠠᠬᠠᠯᠠᠭᠴᠢ ᠶᠢᠨ ᠣᠷᠳᠣ ᠬᠤᠭᠤᠴᠠᠭ᠎ᠠ ᠪᠠᠷ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠣᠶ ᠰᠢᠭᠤᠢ ᠨᠤᠳᠤᠭ ᠪᠡᠯᠴᠢᠭᠡᠷ ᠤᠨ ᠠᠬᠠᠯᠠᠭᠴᠢ ᠵᠢᠨ‌‍ᠲ᠋ᠦ᠋ᠷᠢᠮ ᠤᠨ ᠡᠯ᠎ᠡ ᠵᠦᠢᠯ ᠤᠨ ᠠᠵᠢᠯ ᠤᠨ ᠥᠷᠨᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠥᠨᠳᠥᠷ ᠬᠢᠷᠢ ᠲᠦᠪᠰᠢᠨ ᠪᠦᠬᠦᠢ ᠣᠶ ᠰᠢᠭᠤᠢ ᠨᠤᠳᠤᠭ ᠪᠡᠯᠴᠢᠭᠡᠷ ‍ᠦᠨ‌ᠠᠬᠠᠯᠠᠭᠴᠢ ᠶᠢᠨ ᠳᠦᠷᠢᠮ ᠤᠨ ᠠᠵᠢᠯ ᠢᠶᠠᠷ ᠣᠶ ᠰᠢᠭᠤᠢ ᠡᠪᠡᠰᠦ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号