| 3 ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ | ᠵᠥᠪᠯᠡᠯ ᠤᠨ ᠡᠷᠬᠢᠯᠡᠭᠴᠢ ᠯᠢᠦ ᠰᠢ ᠯᠢᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠳᠤ ᠬᠦᠷᠴᠦ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠯᠴᠠᠨ | ᠠᠭᠤᠰᠤᠯᠴᠠᠭᠤᠯᠬᠤ ᠠᠵᠢᠯ ᠢ ᠠᠬᠢᠭᠤᠯᠬᠤ ᠲᠤᠬᠠᠢ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ | ᠬᠤᠷᠢᠶ᠎ᠠ ᠶᠢᠨ ᠬᠢᠨᠠᠨ ᠪᠤᠳᠤᠬᠤ ᠠᠯᠪᠠᠨ ᠭᠡᠷ᠂ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠪᠠᠭ ᠤᠨ ᠭᠡᠰᠢᠭᠦᠨ | ᠪᠠ ᠡᠯ᠎ᠡ ᠲᠠᠰᠤᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠯᠢᠦ ᠰᠢ ᠯᠢᠨ ᠠᠴᠠ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ 2023 ᠣᠨ ᠤ | ᠠᠵᠢᠯ ᠥᠷᠨᠢᠭᠦᠯᠦᠭᠰᠡᠨ ᠪᠠᠶᠢᠳᠠᠯ ᠵᠢᠴᠢ 2024 ᠣᠨ ᠤ ᠠᠵᠢᠯ ᠤᠨ ᠲᠥᠯᠥᠪᠯᠡᠭᠡ ᠶᠢ ᠨᠠᠷᠢᠨ ᠣᠶᠢᠯᠠᠭᠠᠵᠤ᠂ ᠬᠢᠨᠠᠨ | ᠪᠤᠳᠤᠬᠤ ᠲᠣᠪᠴᠢᠶ᠎ᠠ ᠶᠢᠨ 2023 ᠣᠨ ᠤ ᠠᠵᠢᠯ ᠤᠨ ᠦᠷ᠎ᠡ ᠪᠦᠲᠦᠮᠵᠢ ᠶᠢ ᠨᠤᠲᠠᠯᠠᠪᠠ︔ ᠡᠭᠦᠨ ᠤ ᠬᠠᠮᠲᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠪᠠ ᠬᠢᠨᠠᠨ ᠪᠣᠳᠣᠵᠤ ᠬᠢᠨᠠᠯᠲᠠ ᠲᠠᠯᠪᠢᠬᠤ ᠶᠢ | ᠬᠠᠷᠢᠯᠴᠠᠨ ᠠᠭᠤᠰᠤᠯᠴᠠᠭᠤᠯᠬᠤ ᠶᠢ ᠠᠬᠢᠭᠤᠯᠬᠤ ᠶᠢᠨ ᠲᠣᠭᠤᠷᠢᠨ ᠳᠤ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ | ᠰᠣᠯᠢᠯᠴᠠᠪᠠ᠃ | ᠯᠢᠦ ᠰᠢ ᠯᠢᠨ ᠵᠢᠭᠠᠪᠣᠷᠢᠯᠠᠭᠰᠠᠨ ᠨᠢ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ | ᠪᠠ ᠬᠢᠨᠠᠨ ᠪᠤᠳᠤᠬᠤ ᠬᠢᠨᠠᠯᠲᠠ ᠲᠠᠯᠪᠢᠬᠤ ᠶᠢ ᠬᠠᠷᠢᠯᠴᠠᠨ ᠠᠭᠤᠰᠤᠯᠴᠠᠭᠤᠯᠬᠤ ᠶᠢ ᠠᠬᠢᠭᠤᠯᠬᠤ ᠪᠣᠯ ᠨᠠᠮ ᠪᠠ | ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠴᠢᠬᠤᠯᠠ ᠠᠷᠭ᠎ᠠ | ᠬᠡᠮᠵᠢᠶ᠎ᠡ ᠮᠥᠨ᠂ ᠠᠵᠢᠯ ᠤᠨ ᠭᠠᠷᠳᠠᠬᠤ ᠴᠡᠭ ᠢ ᠣᠨᠣᠪᠴᠢᠲᠠᠶ ᠡᠷᠢᠵᠦ᠂ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠵᠦ᠂ ᠠᠵᠢᠯ ᠤᠨ ᠴᠢᠭᠯᠡᠯ ᠢᠶᠠᠨ ᠪᠠᠲᠤᠳᠬᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠪᠠ ᠬᠢᠨᠠᠨ ᠪᠤᠳᠤᠬᠤ ᠪᠠᠶᠢᠭᠤᠯᠭ᠎ᠠ ᠬᠢᠨ ︽ᠨᠠᠮ ᠠᠴᠠ ᠨᠢᠭᠡᠳᠦᠯᠲᠡᠢ ᠤᠳᠤᠷᠢᠳᠤᠭᠰᠠᠨ᠂ | ᠪᠦᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠶ ᠬᠢᠨᠠᠯᠲᠠ ᠲᠠᠯᠪᠢᠬᠤ ᠰᠢᠰᠲ᠋ᠧᠮ ᠢ | ᠪᠦᠷᠢᠨᠰᠢᠭᠦᠯᠬᠦ︾ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠮᠲᠣᠷᠠᠨ ᠠᠵᠢᠯᠯᠠᠵᠤ᠂ ᠢᠳᠡᠪᠬᠢᠲᠡᠢ | ᠬᠠᠮᠵᠢᠯᠴᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠪᠠ ᠲᠦᠷᠦ ᠶᠢᠨ ᠪᠠᠶᠢᠭᠤᠯᠭ᠎ᠠ ᠶᠢᠨ ᠬᠢᠨᠠᠯᠲᠠ ᠶᠢ ᠦᠨᠡᠨ ᠬᠦ | ᠨᠠᠪᠲᠠᠷᠡᠭᠦᠯᠵᠦ᠂ ᠥᠪᠡᠷ ᠢ ᠪᠠᠨ ᠱᠠᠭᠠᠷᠳᠠᠬᠤ ᠪᠠ ᠪᠤᠰᠤᠳ ᠢᠶᠠᠷ ᠱᠠᠭᠠᠷᠳᠠᠬᠤ ᠶᠢᠨ ᠰᠠᠶᠢᠨ ᠨᠥᠬᠦᠴᠡᠯᠳᠦᠯ ᠢ | ᠪᠡᠶᠡᠯᠡᠭᠦᠯᠵᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠠᠬᠢᠭᠤᠯᠬᠤ ᠬᠡᠷᠡᠭᠲᠡᠢ᠃ ᠲᠣᠭᠲᠠᠴᠠ ᠪᠠᠨ | ᠪᠦᠷᠢᠨᠰᠢᠭᠦᠯᠦᠨ ᠲᠡᠭᠦᠯᠳᠡᠷᠵᠢᠭᠦᠯᠵᠦ᠂ ᠭᠦᠨᠵᠡᠭᠡᠢ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠪᠠ ᠬᠢᠨᠠᠨ ᠪᠤᠳᠤᠬᠤ ᠬᠢᠨᠠᠯᠲᠠ ᠲᠠᠯᠪᠢᠬᠤ ᠶᠢ ᠬᠠᠷᠢᠯᠴᠠᠨ | ᠠᠭᠤᠰᠤᠯᠴᠠᠭᠤᠯᠬᠤ᠂ ᠵᠣᠬᠢᠴᠠᠭᠤᠯᠣᠨ ᠬᠠᠮᠵᠢᠯᠴᠠᠬᠤ ᠪᠦᠲᠦᠮᠵᠢᠲᠡᠶ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠵᠦ | ᠂ ᠮᠡᠳᠡᠭᠡ ᠵᠠᠩᠭᠢ ᠨᠡᠪᠲᠡᠷᠡᠯᠴᠡᠬᠦ᠂ ᠠᠷᠭ᠎ᠠ ᠬᠡᠮᠵᠢᠶ᠎ᠡ ᠬᠠᠮᠵᠢᠯᠴᠠᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ | ᠦᠷ᠎ᠡ ᠪᠦᠲᠦᠭᠡᠯ ᠢᠶᠠᠨ ᠬᠠᠮᠲᠤ ᠪᠠᠷ ᠬᠡᠷᠡᠭᠯᠡᠬᠦ ᠵᠡᠷᠭᠡ ᠲᠠᠯ᠎ᠠ ᠪᠠᠷ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠬᠤᠶᠠᠷ ᠵᠦᠢᠯ ᠤᠨ ᠬᠢᠨᠠᠯᠲᠠ ᠲᠠᠯᠪᠢᠯᠲᠠ ᠶᠢ ᠬᠠᠷᠢᠯᠴᠠᠨ ᠨᠥᠬᠦᠪᠦᠷᠢᠯᠡᠵᠦ ᠬᠠᠷᠢᠯᠴᠠᠨ | ᠠᠬᠢᠭᠤᠯᠬᠤ᠂ ᠥᠨᠳᠥᠷ ᠪᠦᠲᠦᠮᠵᠢᠲᠡᠶ ᠪᠠᠷ ᠵᠣᠯᠭᠠᠭᠤᠯᠬᠤ᠂ ᠭᠦᠨᠵᠡᠭᠡᠢ ᠠᠭᠤᠰᠤᠯᠴᠠᠭᠤᠯᠬᠤ ᠶᠢ ᠪᠡᠶᠡᠯᠡᠭᠦᠯᠬᠦ | ᠬᠡᠷᠡᠭᠲᠡᠢ᠃ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠢᠨᠠᠯᠲᠠ ᠲᠠᠯᠪᠢᠬᠤ ᠶᠠᠰᠤ ᠴᠢᠨᠠᠷ ᠦᠷ᠎ᠡ | ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠯᠲᠠ ᠶᠢ | ᠬᠤᠯᠪᠣᠯᠳᠤᠭᠤᠯᠤᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠳᠤ | ᠴᠢᠩᠭ᠎ᠠ ᠨᠠᠶᠢᠳᠠᠪᠤᠷᠢᠵᠢᠭᠤᠯᠵᠤ᠂ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ | ᠳᠡᠯᠪᠡᠭ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠬᠢᠨᠠᠯᠲᠠ ᠲᠠᠯᠪᠢᠯᠲᠠ ᠶᠢᠨ ᠤᠯᠤᠰ ᠲᠥᠷᠥᠴᠢ ᠴᠢᠨᠠᠷ᠂ ᠬᠢᠨᠠᠨ ᠪᠤᠳᠤᠬᠤ ᠬᠢᠨᠠᠯᠲᠠ ᠲᠠᠯᠪᠢᠯᠲᠠ ᠶᠢᠨ | ᠲᠤᠰᠬᠠᠢ ᠮᠡᠷᠭᠡᠵᠢᠯ ᠤᠨ ᠴᠢᠨᠠᠷ ᠢ ᠭᠦᠢᠴᠡᠳ ᠪᠠᠳᠠᠷᠠᠭᠤᠯᠤᠨ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ᠂ | ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠴᠢᠩᠭᠠᠳᠬᠠᠵᠤ᠂ ᠬᠢᠨᠠᠯᠲᠠ ᠲᠠᠯᠪᠢᠬᠤ ᠠᠵᠢᠯ ᠤᠨ ᠨᠡᠶᠢᠯᠡᠮᠡᠯ | ᠬᠦᠴᠦᠨ ᠢ ᠨᠢᠭᠲᠠᠷᠠᠭᠤᠯᠤᠨ᠂ ᠠᠯᠳᠠᠭ᠎ᠠ ᠪᠤᠷᠤᠭᠤ ᠪᠠᠨ ᠴᠠᠭ ᠲᠤᠬᠠᠢ ᠳᠤᠨᠢ ᠬᠠᠷᠭᠤᠭᠤᠯᠤᠨ ᠵᠠᠯᠠᠷᠠᠭᠤᠯᠵᠤ᠂ | ᠬᠢᠨᠠᠯᠲᠠ ᠲᠠᠯᠪᠢᠯᠲᠠ ᠶᠢᠨ ᠦᠷ᠎ᠡ ᠪᠦᠲᠦᠭᠡᠯ ᠢᠶᠠᠨ ᠨᠠᠩ ᠰᠠᠶᠢᠨ ᠢᠶᠠᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠪᠡ᠃ | ᠳᠠᠷᠠᠭ᠎ᠠ ᠨᠢ᠂ ᠯᠢᠦ ᠰᠢ ᠯᠢᠨ ᠪᠠᠰᠠ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠰᠤᠷᠲᠠᠯ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠭᠦᠢᠴᠡᠳᠬᠡᠬᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ | ᠳᠤᠷᠠᠳᠪᠠ᠃ | | | |