| | ᠣᠳᠣᠬᠠᠨ ᠤ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠭᠠᠯ ᠤᠨ | ᠠᠶᠤᠯ ᠤᠨ ᠲᠠᠯᠳᠠ ᠭᠡᠮ ᠢ ᠪᠦᠲᠦᠮᠵᠢᠲᠡᠶ ᠰᠡᠷᠭᠡᠶᠢᠯᠡᠬᠦ ᠪᠠ ᠠᠷᠢᠯᠭᠠᠵᠤ᠂ ᠬᠠᠷᠢᠶ᠎ᠠ ᠣᠷᠣᠨ ᠤ ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠣᠰᠠᠳᠠ᠂ ᠣᠶᠢᠷ᠎ᠠ ᠳᠤ᠂ ᠵᠠᠷᠤᠳ | ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ︽ᠳᠥᠷᠪᠡ | ᠦᠭᠡᠢ ᠬᠤᠶᠠᠷ ᠰᠢᠭᠤᠳ︾ ᠠᠷᠭ᠎ᠠ ᠠᠪᠴᠤ ᠪᠦᠯᠬᠦᠮ ᠳᠠᠭᠠᠭᠤᠯᠤᠨ ᠥᠨᠳᠥᠷ ᠳᠠᠪᠬᠤᠷᠭ᠎ᠠ ᠶᠢᠨ ᠣᠷᠣᠨ | ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠢ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠯᠲᠠ ᠬᠢᠪᠡ᠃ | ᠪᠠᠶᠢᠴᠠᠭᠠᠯᠲᠠ ᠶᠢᠨ ᠳᠤ᠂ ᠳᠡᠳ᠋ ᠬᠤᠰᠢᠭᠤᠨ ᠳᠠᠷᠤᠭ᠎ᠠ ᠮᠦ ᠲᠢᠶᠧ ᠮᠢᠨ ᠬᠠᠮᠲᠤ ᠶᠠᠪᠣᠭᠰᠠᠳ ᠲᠠᠢ ᠪᠠᠨ | ᠤᠷᠢᠳ ᠬᠤᠵᠢᠳ ᠯᠢ ᠵᠢᠩ ᠮᠢᠩ ᠵᠢᠶᠦ᠋ᠨ ᠵᠢᠵᠢᠭ ᠲᠣᠭᠤᠷᠢᠭ ᠵᠡᠷᠭᠡ ᠭᠠᠵᠠᠷ ᠲᠤ ᠬᠦᠷᠴᠦ᠂ ᠬᠠᠷᠢᠭᠤ | ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠠᠬᠤᠢ ᠲᠠᠯᠠᠪᠠᠢ ᠳᠤ ᠬᠠᠶᠢᠨ ᠰᠢᠯᠭᠠᠯᠲᠠ ᠬᠢᠬᠦ | ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠡᠯ᠎ᠡ ᠭᠠᠵᠠᠷ ᠡᠯ᠎ᠡ ᠲᠠᠯᠠᠪᠤᠷ ᠲᠤ ᠲᠣᠭᠲᠠᠭᠠᠯ ᠠᠴᠠ ᠵᠥᠷᠢᠴᠡᠨ ᠴᠠᠬᠢᠯᠭᠠᠨ | ᠴᠡᠨᠡᠭᠯᠡᠭᠰᠡᠨ᠂ ᠦᠪᠡᠷ ᠢᠶᠠᠨ ᠤᠲᠠᠰᠤ ᠲᠠᠲᠠᠬᠤ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ︔ ᠠᠶᠤᠯᠭᠦᠢ ᠶᠢᠨ | ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠭᠰᠡᠨ ᠡᠰᠡᠬᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠠᠵᠢᠯᠯᠠᠭᠠᠨ | ᠰᠠᠶᠢᠨ ᠡᠰᠡᠬᠦ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ᠂ ᠲᠠᠷᠬᠠᠭᠠᠨ ᠶᠠᠪᠤᠭᠤᠯᠬᠤ ᠵᠠᠮ᠂ ᠠᠶᠤᠯ ᠠᠴᠠ | ᠵᠠᠶᠢᠯᠠᠬᠤ ᠵᠠᠮ ᠰᠠᠭᠠᠳ ᠦᠭᠡᠢ ᠨᠡᠪᠲᠡᠷᠡᠭᠰᠡᠨ ᠡᠰᠡᠬᠦ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠥᠬᠦᠷᠴᠢᠯᠡᠯᠲᠡ | ᠨᠢ ᠱᠠᠭᠠᠷᠳᠠᠯᠭ᠎ᠠ ᠳᠤ ᠨᠡᠶᠢᠴᠡᠭᠰᠡᠨ ᠡᠰᠡᠬᠦ᠂ ᠰᠢᠲᠠᠮᠠᠬᠠᠢ ᠬᠡᠢ ᠶᠢᠨ ᠬᠡᠷᠡᠭᠯᠡᠯᠲᠡ ᠨᠢ ᠪᠠᠷᠢᠮᠵᠢᠶ᠎ᠠ ᠳᠤ ᠨᠡᠶᠢᠴᠡᠭᠰᠡᠨ | ᠡᠰᠡᠬᠦ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠨᠠᠷᠢᠨ ᠪᠠᠶᠢᠴᠠᠭᠠᠯᠲᠠ ᠬᠢᠪᠡ᠃ | ᠣᠳᠣᠬᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠲᠤᠬᠠᠢ᠂ ᠳᠡᠳ᠋ ᠬᠤᠰᠢᠭᠤᠨ | ᠳᠠᠷᠤᠭ᠎ᠠ ᠮᠦ ᠲᠢᠶᠧ ᠮᠢᠨ ᠱᠠᠭᠠᠷᠳᠠᠭᠰᠠᠨ ᠨᠢ᠄ ᠨᠢᠭᠡ ᠳᠤ ᠭᠠᠯ ᠤᠨᠲᠠᠷᠠᠭᠠᠬᠤ ᠠᠶᠦᠯᠭᠦᠢ ᠦᠢᠯᠡᠳᠪᠦᠷᠢᠯᠡᠯ ᠤᠨ | ᠠᠵᠢᠯ ᠢ ᠪᠣᠳᠠᠲᠠᠢ ᠪᠥᠭᠡᠳ ᠨᠠᠷᠢᠨ ᠠᠳᠬᠤᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠴᠠᠭ | ᠲᠤᠬᠠᠢ ᠳᠤᠨᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ᠂ ᠠᠮᠢ ᠨᠠᠰᠤ ᠶᠢ ᠳᠡᠭᠡᠳᠦᠯᠡᠬᠦ᠂ ᠠᠷᠠᠳ | ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠭᠠᠯ ᠤᠨᠲᠠᠷᠠᠭᠠᠬᠤ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ | ᠬᠦᠴᠦᠯᠡᠨ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ᠣᠶᠢᠯᠠᠭᠠᠭᠳᠠᠬᠤᠨ ᠢ ᠪᠤᠢ ᠪᠣᠯᠭᠠᠵᠤ᠂ ︽ᠠᠮᠢ ᠨᠠᠰᠤ ᠶᠢ | ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠦᠵᠡᠯ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ | ᠭᠤᠷᠪᠠ ᠳᠤ᠂ ᠭᠠᠯ ᠤᠨᠲᠠᠷᠠᠭᠠᠬᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠣᠯᠣᠨ ᠬᠠᠮᠢᠶᠠᠷᠤᠯᠲᠠ ᠶᠢᠨ | ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠡᠮ ᠰᠣᠭᠤᠭ ᠢ ᠪᠠᠶᠢᠴᠠᠭᠠᠬᠤ ᠲᠣᠭᠲᠠᠴᠠ ᠪᠣᠯᠣᠨ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠠᠮᠤᠷ ᠲᠦᠪᠰᠢᠨ ᠤ ᠪᠠᠲᠤᠯᠠᠭ᠎ᠠ | ᠬᠠᠩᠭᠠᠬᠤ ᠬᠡᠷᠡᠭᠲᠡᠢ ᠭᠡᠪᠡ᠃ | | | |