| 3 ᠰᠠᠷ᠎ᠠ ᠶᠢᠨ 11 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ | ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ 78 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ | ᠬᠤᠷᠠᠯ ᠢ ᠡᠷᠭᠢᠯᠡᠨ ᠬᠢᠵᠦ᠂ 2 ᠰᠠᠷ᠎ᠠ ᠶᠢᠨ 29 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ | ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠬᠢᠯᠡᠬᠦ ᠲᠠᠰᠢᠷᠠᠮ ᠳᠤ ᠬᠢᠭᠰᠡᠨ ᠴᠢᠬᠤᠯᠠ ᠵᠢᠭᠠᠪᠤᠷᠢ | ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠤᠨ | ᠲᠤᠰᠢᠶᠠᠯ ᠤᠨ ᠮᠡᠳᠡᠭᠦᠯᠦᠯᠲᠡ ᠶᠢ ᠬᠢᠨᠠᠨ ᠦᠵᠡᠬᠦ ᠳᠡᠭᠡᠨ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠤᠯᠠᠮᠵᠢᠯᠠᠨ | ᠰᠤᠷᠤᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠶᠠᠩ ᠽᠢ ᠴᠢᠶᠠᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ | ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠭᠢᠯᠡᠭᠴᠢ ᠦ᠋ ᠴᠢᠩ ᠬᠠᠢ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠯᠢᠦ | ᠶᠦᠩ ᠨᠠᠷ ᠬᠤᠷᠠᠯ ᠳᠤ ᠰᠤᠯᠠ ᠣᠷᠣᠯᠴᠠᠪᠠ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠴᠠᠭᠳᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠥᠭᠡᠷᠡᠴᠢᠯᠡᠬᠦ᠂ | ᠴᠠᠭᠳᠠᠨ ᠪᠠᠶᠢᠴᠠᠭᠠᠬᠤ ᠶᠢᠨ ᠳᠠᠭᠠᠤ ᠪᠠᠶᠢᠴᠠᠭᠠᠨ ᠦᠵᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠲᠤᠰᠬᠠᠯ ᠴᠢᠩᠭ᠎ᠠ᠂ | ᠪᠠᠶᠢᠳᠠᠯ ᠲᠣᠳᠣᠷᠬᠠᠢ ᠪᠣᠯᠤᠭᠰᠠᠨ᠂ ᠲᠦᠷᠭᠡᠨ ᠰᠢᠢᠳᠪᠦᠷᠢᠯᠡᠵᠦ ᠪᠣᠯᠬᠤ ᠡᠩ ᠤᠨ ᠴᠢᠨᠠᠷᠲᠠᠢ ᠵᠦᠢ ᠵᠣᠬᠢᠰᠲᠠᠢ | ᠭᠤᠮᠣᠳᠠᠯ ᠱᠠᠭᠠᠷᠳᠠᠯᠭ᠎ᠠ᠂ ᠠᠷᠠᠳ ᠤᠨ ᠠᠮᠢᠳᠤᠷᠠᠯ ᠤᠨ ᠬᠡᠷᠡᠭ ᠶᠠᠪᠤᠳᠠᠯ ᠢ ᠴᠠᠭ ᠲᠤᠬᠠᠢ ᠳᠤᠨᠢ ᠰᠤᠮᠤ ᠪᠠᠯᠭᠠᠰᠤ | ᠲᠠᠯᠠᠪᠠᠢ᠂ ᠭᠠᠴᠠᠭ᠎ᠠ ᠲᠣᠰᠬᠤᠨ ᠬᠤᠪᠢᠶᠠᠷᠢ ᠲᠠᠯᠠᠪᠠᠢ ᠳᠤ ᠰᠢᠯᠵᠢᠭᠦᠯᠦᠨ ᠥᠭᠴᠦ ᠰᠢᠢᠳᠪᠦᠷᠢᠯᠡᠭᠦᠯᠵᠦ᠂ | ᠠᠰᠠᠭᠤᠳᠠᠯ ᠤᠨ ᠡᠬᠢ ᠰᠤᠷᠪᠤᠯᠵᠢ ᠶᠢ ᠨᠡᠩ ᠪᠦᠬᠦ ᠲᠠᠯ᠎ᠠ ᠪᠠᠷ᠂ ᠲᠤᠶᠢᠯᠪᠤᠷᠢᠲᠠᠢ᠂ ᠲᠦᠷᠭᠡᠨ ᠢᠶᠠᠷ ᠢᠯᠡᠷᠡᠭᠦᠯᠵᠦ᠂ | ᠡᠭᠦᠨ ᠤ ᠤᠯᠠᠮ ᠠᠴᠠ ᠭᠦᠨᠵᠡᠭᠡᠢ ᠪᠥᠭᠡᠳ ᠨᠡᠪᠲᠡᠷᠬᠡᠢ ᠪᠠᠶᠢᠴᠠᠭᠠᠬᠤ ᠬᠡᠷᠡᠭᠲᠡᠢ᠃ ᠡᠯ᠎ᠡ ᠲᠦᠷᠦᠯ ᠤᠨ ᠬᠢᠨᠠᠯᠲᠠ | ᠲᠠᠯᠪᠢᠵᠤ ᠬᠠᠮᠲᠤᠷᠠᠨ ᠬᠠᠮᠵᠢᠯᠴᠠᠬᠤ ᠶᠢ ᠴᠢᠩᠭᠠᠳᠬᠠᠵᠤ᠂ ᠴᠠᠭᠳᠠᠨ ᠪᠠᠶᠢᠴᠠᠭᠠᠬᠤ ᠪᠠ ᠵᠣᠬᠢᠶᠠᠨ ᠪᠠᠶᠢᠭᠤᠯᠣᠯᠲᠠ ᠶᠢᠨ | ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠢᠨᠠᠨ ᠪᠣᠳᠣᠯᠲᠠ᠂ ᠡᠳ᠋ ᠤᠨ ᠵᠠᠰᠠᠭ᠂ ᠲᠤᠭ᠎ᠠ ᠪᠦᠷᠢᠳᠬᠡᠯ ᠵᠡᠷᠭᠡ | ᠰᠠᠯᠠᠭ᠎ᠠ ᠮᠥᠴᠢᠷ ᠤᠨ ᠲᠤᠰᠬᠠᠢ ᠮᠡᠷᠭᠡᠵᠢᠯ ᠤᠨ ᠬᠦᠴᠦᠨ ᠪᠠ ᠬᠢᠨᠠᠯᠲᠠ ᠲᠠᠯᠪᠢᠭᠰᠠᠨ ᠦᠷ᠎ᠡ ᠪᠦᠲᠦᠭᠡᠯ ᠢ ᠭᠦᠢᠴᠡᠳ | ᠠᠰᠢᠭᠯᠠᠵᠤ᠂ ᠴᠠᠭᠳᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠲᠠᠯᠪᠢᠬᠤ ᠶᠢ ᠬᠠᠷᠢᠯᠴᠠᠨ | ᠵᠣᠬᠢᠴᠠᠭᠤᠯᠬᠤ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠴᠠᠭᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠣᠯᠠᠮ ᠨᠢᠭᠡ ᠠᠯᠬᠤᠮ ᠴᠢᠩᠭᠠᠳᠬᠠᠵᠤ᠂ ᠴᠠᠭᠳᠠᠨ ᠪᠠᠶᠢᠴᠠᠭᠠᠯᠲᠠ ᠶᠢᠨ | ᠳᠠᠷᠠᠭᠠᠬᠢ ᠠᠵᠢᠯ ᠢ ᠪᠣᠳᠠᠲᠠᠶᠢᠵᠢᠭᠤᠯᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ ᠭᠡᠬᠦ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠣᠯᠣᠨ ᠪᠠᠴᠢᠮ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠦᠬᠦ ᠬᠡᠯᠬᠢᠶ᠎ᠡ ᠪᠠᠷ ᠴᠢᠳᠠᠪᠤᠷᠢᠲᠠᠨ ᠢ ᠬᠥᠮᠥᠵᠢᠭᠦᠯᠬᠦ᠂ ᠪᠦᠬᠦ | ᠬᠠᠷᠠᠭᠠᠰᠤ ᠪᠠᠷ ᠴᠢᠳᠠᠪᠤᠷᠢᠲᠠᠨ ᠢ ᠲᠠᠲᠠᠬᠤ᠂ ᠪᠦᠬᠦ ᠲᠠᠯ᠎ᠠ ᠪᠠᠷ ᠴᠢᠳᠠᠪᠤᠷᠢᠲᠠᠨ ᠢ ᠬᠡᠷᠡᠭᠯᠡᠬᠦ ᠬᠥᠭᠵᠢᠯᠲᠡ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠠᠮᠢᠵᠢᠷᠠᠯ ᠤᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ | ᠴᠢᠯᠦᠭᠡᠯᠡᠨ ᠴᠢᠩᠭᠠᠳᠬᠠᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠪᠠᠷ ᠭᠤᠣᠯᠯᠠᠭᠤᠯᠤᠨ᠂ ᠴᠢᠳᠠᠪᠤᠷᠢᠲᠠᠨ ᠤ ᠬᠥᠭᠵᠢᠯᠲᠡ ᠶᠢᠨ ᠳᠤᠮᠳᠠᠬᠢ ᠲᠣᠪᠣᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ | ᠪᠠᠶᠢᠩᠭᠤᠵᠢᠭᠤᠯᠤᠨ ᠪᠠᠷᠢᠮᠲᠠᠯᠠᠬᠤ ᠶᠢ ᠪᠡᠶᠡᠯᠡᠭᠦᠯᠬᠦ ᠬᠡᠷᠡᠭᠲᠡᠢ᠃ ᠲᠦᠷᠦ ᠶᠢᠨ ᠪᠣᠳᠣᠯᠭ᠎ᠠ ᠪᠠᠷ ᠴᠢᠳᠠᠪᠤᠷᠢᠲᠠᠨ ᠢ | ᠲᠠᠲᠠᠬᠤ ᠴᠢᠳᠠᠪᠤᠷᠢᠲᠠᠨ ᠢ ᠬᠡᠷᠡᠭᠯᠡᠬᠦ ᠶᠢ ᠰᠠᠶᠢᠲᠤᠷ ᠠᠳᠬᠤᠵᠤ᠂ ᠨᠡᠩ ᠢᠯᠡᠭᠦᠦ ᠲᠠᠲᠠᠬᠤ ᠬᠦᠴᠦᠨ ᠪᠠ | ᠥᠷᠢᠰᠦᠯᠳᠦᠬᠦ ᠬᠦᠴᠦᠨ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠬᠡᠷᠡᠭᠯᠡᠬᠦ ᠲᠦᠷᠦ ᠶᠢᠨ | ᠪᠣᠳᠣᠯᠭ᠎ᠠ ᠶᠢ ᠪᠦᠷᠢᠨᠰᠢᠭᠦᠯᠬᠦ ᠪᠠᠷ ᠭᠤᠣᠯᠳᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ | ᠬᠠᠮᠢᠶᠠᠷᠬᠤ᠂ ᠬᠢᠨᠠᠨ ᠰᠢᠯᠭᠠᠬᠤ᠂ ᠦᠨᠡᠯᠡᠬᠦ᠂ ᠵᠣᠷᠢᠭᠵᠢᠭᠤᠯᠬᠤ ᠶᠢ ᠬᠠᠮᠤᠷᠤᠭᠰᠠᠨ ᠪᠦᠬᠦ ᠬᠡᠯᠬᠢᠶ᠎ᠡ ᠶᠢᠨ ᠲᠦᠷᠦ ᠶᠢᠨ | ᠪᠣᠳᠣᠯᠭ᠎ᠠ ᠶᠢᠨ ᠰᠢᠰᠲ᠋ᠧᠮ ᠢ ᠪᠦᠷᠢᠯᠳᠦᠭᠦᠯᠵᠦ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ᠂ ᠵᠠᠯᠠᠭᠤ | ᠴᠢᠳᠠᠪᠤᠷᠢᠲᠠᠨ᠂ ᠢᠨᠵᠧᠨᠧᠷ ᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠴᠤᠭᠯᠠᠷᠠᠬᠤ ᠶᠢ ᠬᠥᠲᠥᠯᠥᠨ | ᠵᠢᠯᠤᠭᠤᠳᠴᠤ᠂ ᠰᠢᠯᠢᠳᠡᠭ ᠴᠢᠳᠠᠪᠤᠷᠢᠲᠠᠨ ᠢ ᠥᠪᠡᠷ ᠥᠪᠡᠷ ᠤᠨ ᠴᠢᠳᠠᠪᠤᠷᠢ ᠪᠠᠨ ᠪᠠᠳᠠᠷᠠᠭᠤᠯᠵᠤ᠂ ᠦᠷᠳᠡᠭ ᠢᠶᠠᠨ | ᠪᠡᠶᠡᠯᠡᠭᠦᠯᠬᠦ ᠪᠣᠯᠭᠠᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ᠂ ᠵᠠᠷᠤᠳ ᠬᠤᠰᠢᠭᠤᠨ ᠤ ᠪᠣᠳᠠᠲᠠᠢ ᠪᠠᠶᠢᠳᠠᠯ ᠢ ᠦᠨᠳᠦᠰᠦᠯᠡᠨ᠂ ᠰᠤᠮᠤ ᠪᠠᠯᠭᠠᠰᠤᠨ ᠤ | ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠠ ᠠᠵᠢᠯᠲᠠᠨ ᠤ ᠣᠷᠣᠨ ᠲᠤᠭ᠎ᠠ ᠶᠢ ᠰᠢᠯᠢᠳᠡᠭᠵᠢᠭᠦᠯᠵᠦ᠂ ᠡᠬᠢ ᠪᠠᠶᠠᠯᠢᠭ᠂ | ᠦᠢᠯᠡᠴᠢᠯᠡᠭᠡ᠂ ᠬᠠᠮᠢᠶᠠᠷᠤᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠬᠤ ᠬᠡᠷᠡᠭᠲᠡᠢ᠃ ᠰᠢᠨᠵᠢᠯᠡᠬᠦ | ᠤᠬᠠᠭᠠᠨᠴᠢ ᠪᠠᠷ ᠵᠢᠷᠤᠮᠵᠢᠭᠤᠯᠤᠨ ᠴᠢᠩᠭ᠎ᠠ ᠬᠠᠮᠢᠶᠠᠷᠴᠤ ᠥᠭᠡᠷᠡᠴᠢᠯᠡᠯᠲᠡ ᠶᠢ ᠠᠳᠬᠤᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠠᠵᠢᠯᠲᠠᠨ ᠤ ᠣᠷᠣᠨ ᠲᠤᠭ᠎ᠠ ᠶᠢ ᠴᠣᠮᠬᠠᠳᠬᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢ ᠴᠢᠩᠭ᠎ᠠ | ᠵᠢᠷᠤᠮᠵᠢᠭᠤᠯᠵᠤ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠣᠭᠲᠠᠭᠠᠯ ᠠᠴᠠ ᠵᠥᠷᠢᠴᠡᠭᠰᠡᠨ ᠰᠠᠬᠢᠯᠭ᠎ᠠ ᠪᠠᠲᠤ ᠠᠴᠠ | ᠵᠥᠷᠢᠴᠡᠭᠰᠡᠨ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠬᠥᠮᠦᠵᠢᠯ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠬᠤ | ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ | ᠰᠤᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠥᠷᠥ ᠶᠢᠨ | ᠬᠠᠷᠢᠭᠤᠴᠠᠯᠭᠠᠲᠤ ᠰᠡᠳᠬᠢᠯᠭᠡ ᠪᠠ ᠲᠡᠦᠬᠡ ᠶᠢᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠣᠬᠢᠶᠠᠨ | ᠪᠠᠶᠢᠭᠤᠯᠵᠤ ᠤᠳᠤᠷᠢᠳᠬᠤ ᠪᠠ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠲᠠᠰᠤᠷᠠᠯᠲᠠ ᠦᠭᠡᠢ | ᠴᠢᠩᠭᠠᠳᠬᠠᠨ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠪᠠ ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ | ᠠᠷᠭ᠎ᠠ ᠬᠢᠳᠡᠯ ᠢᠶᠠᠨ ᠢᠳᠡᠪᠬᠢᠲᠡᠢ ᠪᠠᠷ ᠬᠤᠪᠢᠶᠠᠯᠴᠠᠨ᠂ ᠲᠤᠷᠰᠢᠯᠭ᠎ᠠ ᠪᠠᠨ ᠰᠣᠯᠢᠯᠴᠠᠵᠤ᠂ ᠡᠨᠡ ᠬᠦ ᠠᠵᠢᠯ ᠢ ᠡᠳᠦᠷ | ᠲᠤᠲᠤᠮ ᠤᠨ ᠠᠵᠢᠯ ᠪᠠ ᠠᠮᠢᠳᠤᠷᠠᠯ ᠳᠤ ᠪᠠᠨ ᠠᠭᠤᠰᠬᠠᠨ ᠣᠷᠣᠭᠤᠯᠵᠤ᠂ ︽ᠨᠠᠮ ᠤᠨ ᠠᠴᠢ ᠶᠢ ᠮᠡᠳᠡᠷᠡᠬᠦ᠂ | ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠡᠯ᠎ᠡ | ᠵᠦᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ ᠬᠠᠮᠲᠤᠪᠠᠷ | ᠠᠬᠢᠭᠤᠯᠬᠤ ᠬᠡᠷᠡᠭᠲᠡᠢ ᠭᠡᠪᠡ᠃ | ᠬᠤᠷᠠᠯ ᠳᠡᠭᠡᠷ᠎ᠡ ᠤᠯᠤᠰ᠂ ᠣᠷᠣᠨ᠂ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ | ᠬᠤᠷᠠᠯ ᠤᠨ ᠵᠣᠷᠢᠭ ᠰᠠᠨᠠᠭ᠎ᠠ ᠪᠣᠯᠣᠨ ᠬᠤᠲᠠ ᠶᠢᠨ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ | ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠢ | ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠢ ᠶᠢᠨ ᠫᠢᠩ ᠶᠡᠷᠦᠩᠬᠡᠢ ᠱᠦᠵᠢ ᠶᠢᠨ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ | ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠵᠢᠷᠭᠤᠳᠤᠭᠠᠷ | ᠪᠦᠯᠦᠭ ᠤᠨ ᠪᠥᠬᠦ ᠤᠯᠤᠰ ᠤᠨ ᠺᠠᠳ᠋ᠷᠴᠤᠳ ᠤᠨ ᠰᠤᠷᠤᠯᠴᠠᠯᠭ᠎ᠠ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ᠳᠤ | ᠪᠢᠴᠢᠭᠰᠡᠨ ᠣᠷᠣᠰᠢᠯ᠂ ᠶᠡᠷᠦᠩᠬᠡᠢ ᠱᠦᠵᠢ ᠰᠢ ᠶᠢᠨ ᠫᠢᠩ ︽ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠠᠵᠢᠯ ᠤᠨ ᠵᠥᠪᠯᠡᠬᠦ ᠠᠷᠠᠳᠴᠢᠯᠠᠯ ᠢ ᠪᠥᠬᠦ ᠲᠠᠯ᠎ᠠ ᠪᠠᠷ ᠬᠥᠭᠵᠢᠭᠦᠯᠬᠦ ᠶᠢ ᠴᠢᠩᠭᠠᠳᠬᠠᠨ ᠰᠠᠶᠢᠵᠢᠷᠠᠭᠤᠯᠬᠤ ᠲᠣᠬᠠᠢ | ᠵᠣᠬᠢᠶᠠᠯ︾ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠵᠡᠷᠭᠡ ᠶᠢ | ᠰᠤᠷᠣᠯᠴᠠᠪᠠ︔ ︽ᠠᠷᠪᠠᠨ ᠭᠤᠷᠪᠠᠳᠤᠭᠠᠷ ᠬᠤᠭᠤᠴᠠᠭᠠᠨ ᠤ ᠵᠠᠷᠤᠳ ᠬᠤᠰᠢᠭᠤᠨ ᠤ ᠨᠠᠮ ᠤᠨ ᠬᠤᠷᠢᠶᠠᠨ ᠤ | ᠴᠠᠭᠳᠠᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ ︵2022 - 2026 ᠣᠨ︶︾ ︽ᠵᠠᠷᠤᠳ ᠬᠤᠰᠢᠭᠤᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ |