ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ | ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠰᠡᠳᠬᠢᠭᠳᠡᠯ ᠪᠠ | ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 11 ᠤ ᠡᠳᠦᠷ᠂ ᠦᠯᠵᠡᠶᠢᠮᠦ᠋ᠷᠡᠨ | ᠰᠤᠮᠤ ᠬᠢᠨ ᠺᠠᠳ᠋ᠷ ᠠᠵᠢᠯᠲᠠᠨ ᠠᠵᠢᠯᠴᠢᠨ ᠢᠶᠠᠨ ᠵᠤᠬᠢᠶᠠᠨ ᠪᠠᠶᠢᠭᠤᠯᠵᠦ ᠠᠶᠢᠯ ᠲᠣᠰᠬᠤᠨ ᠤ ᠤᠷᠴᠢᠨ ᠲᠤᠭᠤᠷᠢᠨ ᠢ | ᠴᠡᠪᠡᠷᠯᠡᠬᠦ ᠬᠠᠪᠤᠷ ᠤᠨ ᠤᠯᠠᠷᠢᠯ ᠤᠨ ᠳᠠᠶᠢᠯᠠᠯᠳᠤᠭᠠᠨ ᠤ ᠲᠤᠰᠬᠠᠢ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ | ᠳᠤᠮᠳᠠ᠂ ᠪᠥᠬᠦ ᠺᠠᠳ᠋ᠷ ᠠᠵᠢᠯᠲᠠᠨ ᠠᠵᠢᠯᠴᠢᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠣᠨ ᠡᠮᠡᠭᠲᠡᠢ | ᠰᠠᠶᠢᠨ ᠳᠤᠷ᠎ᠠ ᠶᠢᠨ ᠠᠵᠢᠯᠯᠠᠭᠴᠢ ᠶᠢᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠷ ᠲᠠᠭᠠᠨ | ᠬᠤᠭ ᠤᠨ ᠤᠭᠤᠲᠠ᠂ ᠲᠡᠮᠦᠷ ᠬᠦᠷᠵᠡ ᠵᠡᠷᠭᠡ ᠪᠠᠭᠠᠵᠢ ᠠᠳᠬᠤᠵᠤ᠂ ᠭᠤᠣᠯ ᠵᠡᠭᠡᠯᠢ ᠵᠠᠮ ᠤᠨ ᠬᠤᠶᠠᠷ | ᠬᠠᠵᠠᠭᠤ ᠶᠢᠨ ᠰᠦᠯᠢᠶᠤᠤ ᠬᠤᠭ ᠨᠣᠪᠰᠢ᠂ ᠪᠤᠯᠤᠩ ᠲᠤᠬᠤᠢ ᠭᠠᠵᠠᠷ ᠢ ᠭᠤᠣᠯᠳᠠᠯᠭ᠎ᠠ ᠲᠠᠢ ᠴᠡᠪᠡᠷᠯᠡᠵᠦ᠂ ᠣᠯᠠᠨ ᠤ | ᠬᠠᠮᠲᠤ ᠶᠢᠨ ᠴᠢᠷᠮᠠᠶᠢᠯᠭ᠎ᠠ ᠪᠠᠷ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ | | | |