| 3 ᠰᠠᠷ᠎ᠠ ᠶᠢᠨ 12 ᠤᠨ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ | ᠵᠢᠶᠦ᠋ᠨ ᠠᠴᠠ ︽ᠵᠢᠷᠭᠤᠭᠠᠨ ᠢᠨᠵᠧᠨᠧᠷᠢᠩ︾ ᠢ ᠲᠣᠬᠢᠷᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠢᠪᠡ᠃ | ᠬᠤᠰᠢᠭᠤᠨ ᠤ ᠤᠳᠤᠷᠢᠳᠤᠯᠭ᠎ᠠ ᠶᠠᠩ ᠽᠢ ᠴᠢᠶᠠᠩ᠂ ᠮᠦ ᠲᠢᠶᠧ ᠮᠢᠨ᠂ ᠶᠣᠣ ᠼᠠᠢ ᠶᠠᠨ᠂ ᠭᠦᠸᠧ ᠶᠠ ᠹᠧᠩ᠂ | ᠪᠦᠦ ᠯᠦᠩ᠂ ᠢᠦᠢ ᠬᠠᠢ ᠪᠦᠦ᠂ ᠼᠦᠢ ᠯᠧᠢ ᠯᠧᠢ᠂ ᠱᠠᠨ ᠬᠤᠸᠠ ᠴᠢ᠂ ᠮᠦᠩᠭᠦᠨᠬᠤᠸᠠᠷ ᠨᠠᠷ ᠬᠤᠷᠠᠯ ᠳᠤ | ᠣᠷᠣᠯᠴᠠᠵᠤ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ | ᠣᠷᠣᠯᠴᠠᠪᠠ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠠᠴᠠ ︽ᠵᠢᠷᠭᠤᠭᠠᠨ ᠢᠨᠵᠧᠨᠧᠷᠢᠩ︾ ᠢ | ᠳᠤᠷᠠᠳᠪᠠ᠂ ᠡᠨᠡ ᠨᠢ ᠬᠥᠭᠵᠢᠯᠲᠡ ᠶᠢᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠪᠠᠰᠠ ᠤᠯᠤᠰ ᠲᠦᠷᠦ ᠶᠢᠨ | ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠨᠢᠭᠡᠴᠡ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ | ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠳᠡᠭᠡᠳᠦ | ᠱᠠᠲᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠬᠡᠷᠡᠭᠵᠢᠭᠦᠯᠬᠦ ᠲᠥᠰᠥᠯ ᠶᠣᠰᠣᠭᠠᠷ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠥᠨᠳᠥᠷ | ᠪᠦᠲᠦᠮᠵᠢᠲᠡᠶ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠢᠨᠵᠧᠨᠧᠷᠢᠩ ᠢ ᠰᠠᠭᠤᠷᠢ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ ᠢᠨᠵᠧᠨᠧᠷᠢᠩ ᠪᠣᠯᠭᠠᠨ ᠰᠠᠶᠢᠲᠤᠷ ᠴᠢᠩᠭ᠎ᠠ | ᠠᠳᠬᠤᠵᠤ᠂ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠳᠬᠤᠵᠤ᠂ ᠲᠦᠷᠦᠯ | ᠵᠦᠢᠯ ᠤᠨ ᠨᠠᠷᠢᠨ ᠲᠠᠩᠰᠠ ᠶᠢ ᠲᠣᠭᠲᠠᠭᠠᠵᠤ᠂ ᠲᠦᠷᠦ ᠶᠢᠨ ᠪᠣᠳᠣᠯᠭ᠎ᠠ ᠶᠢᠨ ᠳᠠᠯᠳᠠ ᠬᠦᠴᠦᠨ ᠢ ᠭᠦᠨᠵᠡᠭᠡᠢ | ᠠᠭᠤᠳᠠᠯᠵᠤ᠂ ᠲᠦᠷᠦ ᠶᠢᠨ ᠪᠣᠳᠣᠯᠭ᠎ᠠ ᠶᠢᠨ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠶᠢ ᠰᠠᠶᠢᠲᠤᠷ | ᠠᠳᠬᠤᠵᠤ᠂ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃ ︽ᠵᠢᠷᠭᠤᠭᠠᠨ | ᠢᠨᠵᠧᠨᠧᠷᠢᠩ︾ ᠢ ᠬᠡᠷᠡᠭᠵᠢᠭᠦᠯᠬᠦ ᠶᠠᠪᠤᠳᠠᠯ ᠢ ᠡᠨᠡ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠪᠠᠨ | ᠨᠢᠭᠡᠳᠦᠯᠲᠡᠢ ᠲᠥᠯᠥᠪᠯᠡᠵᠦ᠂ ᠬᠠᠮᠵᠢᠯᠴᠠᠨ ᠠᠬᠢᠭᠤᠯᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠵᠤ᠂ ᠦᠨᠡᠨ | ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠱᠠᠭᠠᠷᠳᠠᠭᠰᠠᠨ ᠨᠢ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ | ᠴᠠᠬᠢᠯᠭᠠᠨ ᠭᠡᠷᠡᠯ ᠴᠠᠬᠢᠯᠭᠠᠨ ᠢ ᠨᠢᠭᠡ ᠴᠣᠭᠴᠠᠵᠢᠭᠤᠯᠬᠤ ᠢᠨᠵᠧᠨᠧᠷᠢᠩ ᠲᠠᠯ᠎ᠠ ᠪᠠᠷ᠂ ᠰᠢᠨ᠎ᠡ ᠡᠨᠧᠷᠭᠢ ᠶᠢ ᠨᠡᠭᠡᠭᠡᠨ | ᠠᠰᠢᠭᠯᠠᠬᠤ ᠪᠠ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠢ ᠣᠷᠭᠠᠨᠢᠭ ᠢᠶᠠᠷ ᠠᠭᠤᠰᠤᠯᠴᠠᠭᠤᠯᠬᠤ ᠶᠢ | ᠠᠬᠢᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠤ ᠣᠷᠣᠯᠴᠠᠬᠤ ᠢᠳᠡᠪᠬᠢᠵᠢᠯ ᠢ ᠭᠦᠢᠴᠡᠳ ᠬᠥᠭᠵᠢᠭᠡᠵᠦ᠂ | ᠡᠨᠡ ᠬᠦ᠋ ᠨᠢᠭᠡ ᠯᠡ ᠳᠡᠭᠡᠷ᠎ᠡ ᠤᠯᠠᠨ ᠦᠢᠯᠡ ᠢ ᠪᠦᠲᠦᠭᠡᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠬᠤᠷᠴᠢᠨ ᠤ | ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦ ᠨᠡᠮᠡᠷᠢᠯᠡᠬᠦ ᠬᠡᠷᠡᠭᠲᠡᠢ︔ ᠰᠢᠨᠵᠢᠯᠡᠭᠡ | ᠮᠡᠷᠭᠡᠵᠢᠯ ᠤᠨ ᠲᠠᠯ᠎ᠠ ᠪᠠᠷ ︽ᠰᠢᠪᠳᠣᠯᠣᠯᠲᠠ︾ ᠭᠡᠬᠦ ᠢᠨᠵᠧᠨᠧᠷᠢᠩ ᠢ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠭᠡ ᠮᠡᠷᠭᠡᠵᠢᠯ ᠤᠨ ᠬᠦᠷᠢᠶ᠎ᠡ ᠴᠠᠷ᠎ᠠ ᠳᠠᠬᠢ | ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠰᠠᠭᠤᠷᠢᠨ ᠭᠠᠵᠠᠷ ᠪᠠ ᠪᠥᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ | ᠴᠢᠬᠤᠯᠠ ᠪᠠᠯᠭᠠᠰᠤ ᠶᠢ ᠪᠦᠲᠦᠭᠡᠨ ᠪᠠᠶᠢᠭᠤᠯᠬᠤ ᠪᠠᠷ ᠲᠤᠰᠤᠯᠲᠠ ᠶᠢᠨ ᠴᠡᠭ ᠪᠣᠯᠭᠠᠵᠤ᠂ ᠰᠢᠨᠵᠢᠯᠡᠭᠡ ᠮᠡᠷᠭᠡᠵᠢᠯ ᠤᠨ | ᠲᠠᠯ᠎ᠠ ᠪᠠᠷ ︽ᠰᠢᠪᠳᠣᠯᠣᠯᠲᠠ︾ ᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ | ᠂ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠬᠡᠷᠡᠭᠲᠡᠢ︔ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠤᠨ ᠲᠠᠯ᠎ᠠ ᠪᠠᠷ᠂ ᠺᠠᠳ᠋ᠷ ᠲᠦᠷᠦᠭᠦᠯᠡᠨ ᠦᠨᠡᠨᠴᠢ ᠢᠲᠡᠭᠡᠮᠵᠢ ᠶᠢ ᠪᠣᠶ ᠪᠣᠯᠭᠠᠬᠤ ᠶᠢ ᠪᠠᠷᠢᠮᠲᠠᠯᠠᠵᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠠᠯ᠎ᠠ ᠪᠠᠷ ᠬᠢ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠨᠡᠶᠢᠭᠡᠮ ᠳᠠᠶᠠᠭᠠᠷ ᠲᠤ ᠦᠨᠡᠨᠴᠢ ᠢᠲᠡᠭᠡᠮᠵᠢ ᠶᠢ ᠡᠷᠬᠢᠮᠯᠡᠬᠦ᠂ | ᠦᠨᠡᠨᠴᠢ ᠢᠲᠡᠭᠡᠮᠵᠢ ᠶᠢ ᠦᠢᠯᠡᠳᠦᠯᠭᠡᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ︔ | ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠤᠨ ᠲᠠᠯ᠎ᠠ ᠪᠠᠷ᠂ ᠭᠠᠵᠠᠷ ᠣᠷᠣᠨ ᠤ | ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠨ᠂ ᠢᠷᠡᠭᠡᠳᠦᠢ ᠶᠢᠨ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠶᠢ ᠵᠠᠳᠠᠯᠵᠤ᠂ ᠬᠥᠭᠵᠢᠯᠲᠡ ᠶᠢᠨ ᠴᠢᠭᠯᠡᠯ ᠢ ᠣᠨᠣᠪᠴᠢᠲᠠᠶ ᠡᠵᠡᠮᠳᠡᠨ᠂ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠲᠣᠰ ᠭᠠᠵᠠᠷ ᠤᠨ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢ ᠪᠣᠶ | ᠪᠣᠯᠭᠠᠵᠤ᠂ ︽ᠵᠠᠷᠤᠳ ᠨᠣᠭᠤᠭᠠᠨ ᠪᠤᠷᠴᠠᠭ︾ ︽ᠵᠠᠷᠤᠳ ᠬᠤᠨᠢᠨ ᠮᠢᠬ᠎ᠠ︾ ᠵᠡᠷᠭᠡ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ︔ | ᠳᠤᠯᠠᠭᠠᠯᠠᠭ᠎ᠠ ᠶᠢᠨ ᠢᠨᠵᠧᠨᠧᠷᠢᠩ ᠤᠨ ᠲᠠᠯ᠎ᠠ ᠪᠠᠷ᠂ ᠣᠯᠠᠨ ᠲᠦᠮᠡᠨ ᠤ ᠲᠤᠰᠬᠠᠯ ᠶᠡᠬᠡᠲᠡᠢ ᠳᠤᠯᠠᠭᠠᠯᠠᠭ᠎ᠠ ᠶᠢᠨ | ᠠᠰᠠᠭᠤᠳᠠᠯ ᠳᠤ ᠰᠢᠭᠤᠳ ᠬᠠᠨᠳᠤᠭᠤᠯᠵᠤ᠂ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠂ ᠣᠯᠠᠨ ᠲᠦᠮᠡᠨ ᠤ ᠪᠠᠴᠢᠮ ᠬᠦᠴᠢᠷ ᠵᠣᠪᠠᠵᠤ ᠬᠦᠰᠡᠵᠦ ᠪᠠᠶᠢᠭ᠎ᠠ | ᠠᠰᠠᠭᠤᠳᠠᠯ ᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ︽ | ᠳᠤᠯᠠᠭᠠᠯᠠᠭ᠎ᠠ ᠶᠢᠨ ᠢᠨᠵᠧᠨᠧᠷᠢᠩ︾ ᠤᠨ ᠠᠵᠢᠯ ᠳᠤ ᠪᠣᠳᠠᠲᠤ ᠦᠷ᠎ᠡ ᠪᠦᠲᠦᠮᠵᠢ ᠣᠯᠬᠤ ᠶᠢ ᠪᠥᠬᠦ ᠬᠤᠷᠳᠤᠴᠠ ᠪᠠᠷ | ᠠᠬᠢᠭᠤᠯᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ | ᠨᠢᠭᠡᠴᠡ ᠬᠢᠨ ᠲᠣᠰᠪᠣᠷᠢ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠤᠭᠰᠠᠨ | ᠪᠠᠶᠢᠳᠠᠯ ᠢᠶᠠᠨ ᠬᠠᠷᠢᠭᠤ ᠮᠡᠳᠡᠭᠦᠯᠪᠡ᠃ | |