ᠵᠠᠷᠤᠳ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠬᠢᠨ ᠡᠯ᠎ᠡ ᠪᠠᠶᠢᠭᠤᠯᠭ᠎ᠠ ᠨᠢᠭᠡᠴᠡ ᠶᠢ ᠨᠢᠭᠡᠳᠦᠯᠲᠡᠢ ᠲᠥᠯᠥᠪᠯᠡᠵᠦ ︽ᠬᠠᠤᠯᠢ ᠪᠠᠷ ᠵᠠᠰᠠᠬᠤ ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ︾ ᠭᠡᠭᠦ ᠰᠢᠷᠢᠰ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/13
     ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠬᠢᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠪᠠᠶᠢᠭᠤᠯᠭ᠎ᠠ ᠨᠢᠭᠡᠴᠡ ᠵᠢᠴᠢ ᠡᠯ᠎ᠡ ᠰᠤᠮᠤ ᠪᠠᠯᠭᠠᠰᠤ ᠲᠠᠯᠠᠪᠠᠶ ᠶᠢ ᠨᠢᠭᠡᠳᠦᠯᠲᠡᠢ ᠲᠥᠯᠥᠪᠯᠡᠨ ︽ᠬᠠᠤᠯᠢ ᠪᠠᠷ ᠵᠠᠰᠠᠬᠤ ᠦᠢᠯᠡᠴᠢᠯᠡᠭᠡᠨ ᠤ ᠰᠢᠭᠤᠳ ᠨᠡᠪᠲᠡᠷᠡᠬᠦ ᠲᠡᠷᠭᠡ︾ ᠭᠡᠬᠦ ᠰᠢᠷᠢᠰ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠰᠠᠮᠪᠠᠷ᠎ᠠ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ᠂ ᠬᠠᠤᠯᠢ ᠪᠠᠷ ᠵᠠᠰᠠᠬᠤ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ︽ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠬᠠᠤᠯᠢ︾᠂ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾᠂ ︽ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠴᠠᠬᠢᠯᠭᠠᠨ ᠬᠤᠯᠪᠣᠭ᠎ᠠ ᠰᠦᠯᠵᠢᠶᠡᠨ ᠢᠶᠠᠷ ᠮᠡᠭᠡᠯᠡᠬᠦ ᠶᠢ ᠡᠰᠡᠷᠭᠦᠴᠡᠬᠦ ᠬᠠᠤᠯᠢ︾ ᠵᠡᠷᠭᠡ ᠬᠠᠤᠯᠢ ᠲᠣᠭᠲᠠᠭᠠᠯ ᠢ ᠭᠤᠣᠯᠳᠠᠯᠭ᠎ᠠ ᠲᠠᠢ ᠪᠠᠷ ᠤᠬᠠᠭᠤᠯᠵᠤ᠂ ᠥᠷᠭᠡᠨ ᠤᠯᠠᠨ ᠰᠤᠷᠤᠭᠴᠢ ᠪᠠ ᠭᠡᠷ ᠤᠨ ᠠᠬᠠᠮᠠᠳ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠵᠡᠪᠰᠡᠭ ᠢ ᠵᠥᠪ ᠬᠡᠷᠡᠭᠯᠡᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠬᠦᠳᠤᠯᠤᠨ ᠵᠢᠯᠤᠭᠤᠳᠪᠠ᠃     
微信图片_20240313095126.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号