ᠣᠶᠢᠷ᠎ᠠ ᠳᠤ᠂ ᠡᠪ ᠬᠠᠮᠳᠤ ᠵᠠᠯᠠᠭᠤᠴᠤᠳ ᠤᠨ ᠡᠪᠯᠡᠯ ᠤᠨ ᠵᠠᠷᠤᠳ ᠬᠤᠰᠢᠭᠤᠨ ᠤ ᠬᠤᠷᠢᠶ᠎ᠠ ︽ | ᠵᠠᠯᠠᠭᠤᠴᠤᠳ ᠤᠨ ᠪᠣᠯᠪᠠᠰᠤᠨ ᠨᠡᠷᠡᠮᠵᠢᠲᠦ︾ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠠᠵᠢᠯᠲᠠᠳ ᠤᠷᠢᠳ ᠬᠤᠵᠢᠳ ᠥᠪᠥᠷ ᠮᠣᠩᠭᠤᠯ ᠤᠨ ᠪᠠᠩᠬᠢ ᠶᠢᠨ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠦᠩᠯᠢᠶᠣᠣ ᠶᠢᠨ ᠵᠠᠷᠤᠳ ᠰᠠᠯᠪᠤᠷᠢ ᠪᠠᠩᠬᠢ᠂ ᠵᠠᠷᠤᠳ ᠬᠤᠰᠢᠭᠤᠨ ᠤ | ᠬᠤᠩ ᠱᠧᠩ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠵᠠᠯᠠᠭᠤᠴᠤᠳ ᠤᠨ | ᠪᠣᠯᠪᠠᠰᠤᠨ ᠨᠡᠷᠡᠮᠵᠢᠲᠦ ᠪᠠᠷ ᠭᠤᠶᠤᠴᠢᠯᠠᠨ ᠮᠡᠳᠡᠭᠦᠯᠤᠭ᠍ᠰᠡᠨ ᠨᠢᠭᠡᠴᠡ ᠶᠢᠨ ᠬᠠᠷᠢᠭᠤᠴᠠᠯᠭᠠᠲᠠᠨ ᠤ ᠠᠵᠢᠯ | ᠮᠡᠷᠭᠡᠵᠢᠯ ᠤᠨ ᠪᠣᠯᠪᠠᠰᠤᠨ᠂ ᠠᠵᠢᠯ ᠤᠨ ᠪᠣᠳᠠᠲᠤ ᠦᠷ᠎ᠡ ᠪᠦᠲᠦᠮᠵᠢ᠂ ᠣᠨᠴᠠᠯᠢᠭᠲᠤ ᠠᠵᠢᠯᠯᠠᠭ᠎ᠠ᠂ ᠨᠢᠭᠡᠴᠡ ᠶᠢᠨ | ᠵᠣᠬᠢᠶᠠᠨ ᠪᠠᠶᠢᠭᠤᠯᠤᠯᠲᠠ ᠴᠣᠭᠴᠠᠯᠠᠯᠲᠠ᠂ ᠳᠦᠷᠢᠮ ᠤᠨ ᠪᠠᠶᠢᠭᠤᠯᠤᠯᠲᠠ᠂ ᠪᠠᠶᠢᠩᠭᠤᠵᠢᠭᠰᠠᠨ ᠡᠭᠦᠳᠦᠨ ᠪᠠᠶᠢᠭᠤᠯᠬᠤ | ᠠᠷᠭ᠎ᠠ ᠬᠡᠮᠵᠢᠶ᠎ᠡ᠂ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | | |