| 3 ᠰᠠᠷ᠎ᠠ ᠶᠢᠨ 13 ᠤ ᠡᠳᠦᠷ᠂ ᠵᠠᠷᠤᠳ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠠᠵᠢᠯ ᠤᠨ ᠬᠤᠷᠠᠯ ᠵᠢᠴᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠠᠵᠢᠯ ᠤᠨ ᠬᠤᠷᠠᠯ | ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ ᠶᠠᠩ ᠽᠢ ᠴᠢᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠦ᠋ ᠫᠧᠩ ᠹᠧᠢ᠂ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ ᠯᠢᠩ ᠬᠤᠸ᠂ ᠳᠡᠳ᠋ | ᠬᠤᠰᠢᠭᠤᠨ ᠳᠠᠷᠤᠭ᠎ᠠ ᠢᠦᠢ ᠬᠠᠢ ᠪᠦᠦ ᠬᠤᠷᠠᠯ ᠳᠤ ᠣᠷᠣᠯᠴᠠᠪᠠ᠃ | ᠪᠦᠦ ᠸᠧᠨ ᠯᠠᠨ ᠶᠠᠷᠢᠶᠠᠨ ᠳᠠᠭᠠᠨ ᠵᠢᠭᠠᠪᠣᠷᠢᠯᠠᠭᠰᠠᠨ ᠨᠢ᠂ ᠬᠤᠰᠢᠭᠤ ᠳᠠᠶᠠᠭᠠᠷ ᠢᠶᠠᠷ ᠢᠶᠠᠨ ᠰᠢ ᠶᠢᠨ ᠫᠢᠩ ᠤᠨ | ᠰᠣᠶᠣᠯ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨ ᠤ ᠰᠢᠰᠲ᠋ᠧᠮ᠂ ᠭᠤᠣᠯ ᠴᠢᠬᠤᠯᠠ ᠠᠭᠤᠯᠭ᠎ᠠ ᠪᠣᠯᠣᠨ | ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠡᠨᠡᠬᠦ ᠴᠢᠬᠤᠯᠠ ᠦᠵᠡᠯ ᠰᠠᠨᠠᠭᠠᠨ ᠤ ᠰᠢᠰᠲ᠋ᠧᠮᠲᠦ | ᠴᠢᠨᠠᠷ᠂ ᠰᠢᠨ᠎ᠡ ᠶᠢ ᠡᠭᠦᠳᠬᠦ ᠴᠢᠨᠠᠷ᠂ ᠠᠷᠠᠳᠴᠢ ᠴᠢᠨᠠᠷ ᠪᠣᠯᠣᠨ ᠦᠢᠯᠡᠳᠦᠯᠭᠡᠲᠦ ᠴᠢᠨᠠᠷ ᠢ ᠭᠦᠨᠵᠡᠭᠡᠢ ᠡᠵᠡᠮᠰᠢᠵᠦ᠂ | ᠡᠭᠦᠨ ᠳᠤ ᠠᠭᠤᠯᠤᠭᠳᠠᠵᠤ ᠪᠠᠶᠢᠭ᠎ᠠ ᠤᠳᠤᠷᠢᠳᠬᠤ ᠠᠷᠭ᠎ᠠ᠂ ᠰᠡᠳᠬᠢᠬᠦ ᠠᠷᠭ᠎ᠠ᠂ ᠠᠵᠢᠯᠯᠠᠬᠤ ᠠᠷᠭ᠎ᠠ ᠶᠢ | ᠪᠣᠯᠪᠠᠰᠤᠷᠠᠩᠭᠤᠢ ᠡᠵᠡᠮᠰᠢᠵᠦ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠴᠢᠳᠠᠪᠤᠷᠢ᠂ ᠰᠡᠳᠬᠢᠬᠦ ᠴᠢᠳᠠᠪᠤᠷᠢ ᠪᠣᠯᠣᠨ | ᠦᠢᠯᠡᠳᠦᠯᠭᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ | ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠤᠬᠠᠭᠤᠯᠵᠤ ᠲᠤᠤᠱᠯᠠᠭᠤᠯᠵᠤ᠂ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ | ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠲᠠᠪᠣᠷᠢᠵᠢᠭᠤᠯᠵᠤ᠂ ᠰᠦᠯᠵᠢᠶ᠎ᠡ ᠶᠢ ᠬᠠᠮᠢᠶᠠᠷᠴᠤ | ᠰᠦᠯᠵᠢᠶ᠎ᠡ ᠶᠢ ᠵᠠᠰᠠᠬᠤ ᠦᠨᠳᠦᠰᠦᠨ ᠴᠢᠳᠠᠪᠤᠷᠢ ᠶᠢ ᠯᠠᠪᠳᠠᠭᠤᠨ ᠪᠠᠲᠤᠲᠠᠢ ᠰᠠᠶᠢᠲᠤᠷ ᠪᠣᠯᠪᠠᠰᠤᠷᠠᠭᠤᠯᠵᠤ᠂ | ᠲᠦᠭᠰᠢᠭᠦᠷᠢ ᠶᠢᠨ ᠤᠬᠠᠮᠰᠠᠷ ᠢᠶᠠᠨ ᠴᠢᠩᠭᠠᠷᠠᠭᠤᠯᠵᠤ᠂ ᠴᠢᠳᠠᠪᠤᠷᠢ ᠪᠠᠨ ᠳᠡᠭᠡᠭᠰᠢᠯᠡᠭᠦᠯᠦᠨ᠂ ᠰᠦᠯᠵᠢᠶᠡᠨ ᠤ ᠦᠵᠡᠯ | ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠨᠠᠩ ᠰᠠᠶᠢᠲᠤᠷ ᠬᠠᠮᠠᠭᠠᠯᠠᠵᠤ᠂ ᠰᠦᠯᠵᠢᠶᠡᠨ ᠤ ᠶᠡᠷᠦᠩᠬᠡᠶᠢᠯᠡᠭᠰᠡᠨ | ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ | ᠬᠥᠭᠵᠢᠯᠲᠡ ᠳᠤ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ᠂ ᠰᠦᠯᠵᠢᠶᠡᠨ ᠤ ᠠᠮᠤᠷ ᠲᠦᠪᠰᠢᠨ ᠤ ᠬᠦᠴᠦᠲᠡᠢ ᠪᠠᠲᠤᠯᠠᠭ᠎ᠠ ᠶᠢ ᠬᠠᠩᠭᠠᠬᠤ ᠬᠡᠷᠡᠭᠲᠡᠢ ᠭᠡᠪᠡ᠃ | ᠪᠦᠦ ᠸᠧᠨ ᠯᠠᠨ ᠴᠢᠬᠤᠯᠠᠴᠢᠯᠠᠭᠰᠠᠨ ᠨᠢ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠬᠤᠳᠠ ᠶᠢᠨ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠵᠢᠷᠤᠭ ᠲᠥᠯᠥᠪᠯᠡᠭᠡ᠂ | ᠵᠢᠭᠤᠯᠴᠢᠯᠠᠯ ᠤᠨ ᠦᠵᠡᠮᠵᠢ ᠶᠢᠨ ᠴᠣᠭᠴᠠᠯᠠᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ | ᠥᠷᠨᠢᠭᠦᠯᠬᠦ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠪᠠᠲᠤᠯᠠᠭ᠎ᠠ ᠵᠡᠷᠭᠡ ᠡᠯ᠎ᠡ ᠲᠠᠯ᠎ᠠ ᠶᠢᠨ ᠤᠬᠠᠭᠤᠯᠭ᠎ᠠ ᠶᠢᠨ | ᠠᠵᠢᠯ ᠳᠤᠮᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠣᠶᠣᠯ ᠤᠨ | ᠲᠡᠮᠳᠡᠭ ᠪᠠ ᠬᠠᠷᠠᠭᠠᠨ ᠰᠡᠷᠡᠯ ᠤᠨ ᠢᠯᠡᠳᠬᠡᠮᠵᠢ ᠲᠡᠮᠳᠡᠭ ᠢ ᠭᠦᠢᠴᠡᠳ ᠠᠭᠤᠰᠤᠯᠴᠠᠭᠤᠯᠵᠤ᠂ ︽ᠤᠯᠠᠨ ᠡᠰᠢᠲᠦ | ᠨᠢᠭᠡ ᠴᠣᠭᠴᠠᠵᠢᠯᠲᠠ︾ ᠶᠢᠨ ᠠᠭᠤᠯᠭ᠎ᠠ ᠶᠢ ᠢᠯᠡᠷᠡᠭᠦᠯᠦᠭᠰᠡᠨ ᠲᠡᠮᠳᠡᠭ ᠪᠠ ᠢᠯᠡᠳᠬᠡᠮᠵᠢ ᠲᠡᠮᠳᠡᠭ ᠢ ᠥᠷᠭᠡᠨ ᠳᠡᠯᠭᠡᠷ | ᠪᠥᠭᠡᠳ ᠭᠦᠨ ᠭᠦᠨᠵᠡᠭᠡᠢ ᠪᠤᠢ ᠪᠣᠯᠭᠠᠬᠤ ᠬᠡᠷᠡᠭᠲᠡᠢ᠃ ᠦᠨᠳᠦᠰᠦᠲᠡᠨ ᠨᠦᠭᠦᠳ ᠤᠨ ︽ᠳᠥᠷᠪᠡ ᠶᠢ ᠬᠠᠮᠲᠤᠳᠬᠠᠬᠤ | ︾ ᠶᠢᠨ ᠲᠡᠦᠬᠡᠨ ᠮᠠᠲ᠋ᠧᠷᠢᠶᠠᠯ ᠲᠡᠦᠬᠡᠨ ᠪᠣᠳᠠᠲᠤ ᠬᠡᠷᠡᠭ ᠢ ᠭᠦᠨᠵᠡᠭᠡᠢ ᠠᠭᠤᠳᠠᠯᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠪᠦᠯᠬᠦᠮᠳᠡᠨ ᠠᠭᠤᠰᠤᠯᠴᠠᠬᠤ᠂ ᠴᠤᠭᠯᠠᠷᠠᠨ ᠨᠢᠭᠡ ᠴᠣᠭᠴᠠ ᠪᠣᠯᠬᠤ ᠲᠡᠦᠬᠡᠨ ᠠᠬᠢᠴᠠ ᠶᠢ | ᠥᠷᠭᠡᠨ ᠢᠶᠠᠷ ᠤᠬᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ᠂ | ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ | ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠰᠢᠰᠲ᠋ᠧᠮ ᠲᠠᠢ ᠰᠠᠶᠢᠲᠤᠷ ᠶᠠᠷᠢᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠲᠠᠯ᠎ᠠ ᠪᠦᠬᠦᠨ ᠳᠤ ᠳᠦᠭᠦᠷᠡᠩ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ᠃ ︽ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ | ᠲᠤᠬᠠᠢ ᠲᠣᠭᠲᠠᠭᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ | ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ | ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠠᠮᠠᠭᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠶᠢᠨ ᠡᠯ᠎ᠡ ᠬᠦᠷᠢᠶᠡᠨ ᠳᠤ ᠲᠤᠤᠱᠯᠠᠭᠤᠯᠬᠤ ᠬᠡᠷᠡᠭᠲᠡᠢ ᠭᠡᠪᠡ᠃ | ᠪᠦᠦ ᠸᠧᠨ ᠯᠠᠨ ᠱᠠᠭᠠᠷᠳᠠᠭᠰᠠᠨ ᠨᠢ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠹᠷᠣᠨᠲ ᠤᠨ ᠬᠢᠨ ᠭᠤᠣᠯ ᠰᠡᠳᠦᠪᠲᠦ ᠤᠬᠠᠭᠤᠯᠭ᠎ᠠ ᠪᠠᠷ ︽ᠢᠳᠡᠪᠬᠢ ᠬᠦᠴᠦᠨ︾ ᠢᠶᠠᠨ | ᠪᠠᠳᠠᠷᠠᠭᠤᠯᠬᠤ ᠶᠢ ᠪᠠᠷᠢᠮᠲᠠᠯᠠᠵᠤ᠂ ᠵᠠᠭᠤᠴᠢᠯᠠᠭᠤᠷ ᠤᠨ ᠠᠭᠤᠰᠤᠯᠴᠠᠯ ᠢᠶᠠᠷ ︽ᠶᠡᠭᠡ ᠣᠷᠣᠰᠴᠠ ᠶᠢᠨ ᠬᠡᠮᠵᠢᠶ᠎ᠡ︾ ᠶᠢ | ᠬᠤᠷᠠᠮᠳᠤᠭᠤᠯᠤᠨ᠂ ᠶᠠᠷᠢᠶ᠎ᠠ ᠬᠡᠯᠡᠯᠴᠡᠭᠡ ᠶᠢ ᠪᠦᠲᠦᠮᠵᠢᠲᠡᠶ ᠬᠥᠲᠥᠯᠥᠨ ᠵᠢᠯᠤᠭᠤᠳᠴᠤ᠂ ᠡᠷᠴᠢ ᠵᠣᠷᠢᠭ ᠢᠶᠠᠨ | ᠬᠥᠪᠴᠢᠯᠡᠵᠦ᠂ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠵᠠᠷᠣᠳ ᠤᠨ ᠥᠯᠢᠭᠡᠷ ᠢ ᠠᠮᠢᠳᠤᠯᠢᠭ ᠢᠶᠠᠷ ᠶᠠᠷᠢᠵᠤ᠂ | ᠵᠠᠷᠣᠳ ᠤᠨ ᠳᠠᠭᠤ ᠶᠢ ᠰᠠᠶᠢᠲᠤᠷ ᠳᠠᠮᠵᠢᠭᠤᠯᠬᠤ ᠬᠡᠷᠡᠭᠲᠡᠢ᠃ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ᠂ | ᠪᠣᠬᠢᠷᠲᠤᠯ ᠦᠭᠡᠢ ᠨᠡᠭᠦᠷᠡᠰᠦ ᠴᠠᠬᠢᠯᠭᠠᠨ ᠬᠥᠩᠭᠡᠨ ᠴᠠᠭᠠᠨ᠂ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ᠂ ᠰᠢᠨ᠎ᠡ ᠡᠨᠧᠷᠭᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠪᠦᠬᠦ ᠬᠤᠰᠢᠭᠤᠨ ᠤ | ᠳᠠᠪᠠᠭᠤᠯᠢᠭ ᠣᠨᠴᠠᠯᠢᠭᠲᠤ ᠠᠵᠤ ᠦᠢᠯᠡᠰ ᠢ ᠴᠢᠩᠭ᠎ᠠ ᠠᠩᠬᠠᠷᠴᠤ᠂ ᠠᠷᠠᠯᠵᠢᠶᠠᠴᠢᠨ ᠤᠷᠢᠵᠤ ᠪᠡᠯᠡ ᠲᠠᠲᠠᠬᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ | ᠵᠡᠷᠭᠡ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ︽ᠦᠨᠡᠨ ᠪᠣᠳᠠᠲᠠᠢ ᠠᠵᠢᠯᠯᠠᠵᠤ ᠡᠷᠡᠯᠬᠡᠭᠯᠡᠨ | ᠤᠷᠤᠭᠰᠢᠯᠠᠵᠤ ᠲᠡᠷᠢᠭᠦᠨ ᠢ ᠲᠡᠮᠡᠴᠡᠬᠦ ︾ ᠰᠢᠷᠢᠰ ᠭᠤᠣᠯ ᠰᠡᠳᠦᠪᠲᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠬᠢᠭᠤᠯᠬᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠵᠠᠷᠣᠳ ᠤᠨ ᠦᠢᠯᠡᠳᠦᠯᠭᠡ ᠶᠢ ᠢᠳᠡᠪᠬᠢᠲᠡᠢ ᠬᠠᠶᠢᠨ ᠰᠦᠪᠡᠭᠴᠢᠯᠡᠵᠦ | ᠰᠠᠶᠢᠲᠤᠷ ᠳᠡᠯᠭᠡᠨ ᠦᠵᠡᠭᠦᠯᠵᠦ᠂ ᠰᠠᠶᠢᠲᠤᠷ ᠤᠬᠠᠭᠤᠯᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠬᠢᠨ ᠠᠵᠢᠯ ᠤᠨ ᠠᠬᠢᠴᠠ ᠶᠢᠨ ᠳᠤᠮᠳᠠᠬᠢ ᠣᠨᠴᠠᠯᠢᠭ ᠲᠠᠢ ᠬᠢᠯᠠᠰ ᠴᠡᠭ᠂ ᠠᠷᠭ᠎ᠠ ᠬᠡᠮᠵᠢᠶ᠎ᠡ ᠠᠬᠢᠴᠠ | ᠪᠣᠯᠣᠨ ᠣᠯᠣᠭᠰᠠᠨ ᠦᠷ᠎ᠡ ᠪᠦᠲᠦᠮᠵᠢ ᠪᠠᠨ ᠭᠦᠢᠴᠡᠳ ᠠᠭᠤᠳᠠᠯᠵᠤ᠂ ᠨᠢᠭᠡ ᠪᠦᠯᠦᠭ ᠬᠠᠯᠠᠭᠤᠨ ᠠᠭᠤᠷ | ᠠᠮᠢᠰᠬᠤᠯ ᠲᠠᠢ᠂ ᠭᠦᠨᠴᠡ ᠲᠠᠢ ᠰᠣᠨᠢᠨ ᠮᠡᠳᠡᠭᠡᠨ ᠤ ᠰᠣᠳᠣᠨ ᠪᠦᠲᠦᠭᠡᠯ ᠢ ᠭᠠᠷᠭᠠᠬᠤ ᠬᠡᠷᠡᠭᠲᠡᠢ᠃ ᠨᠤᠲᠤᠭ ᠤᠨ | ᠠᠶᠠᠯᠭᠤ ᠪᠠᠷ ᠶᠣᠰᠣ ᠶᠠᠷᠢᠬᠤ ᠶᠢ ᠮᠠᠨ ᠤ ᠭᠡᠷ ᠲᠤ ᠬᠦᠷᠭᠡᠬᠦ᠂ ︽ᠬᠦᠬᠡᠮᠳᠦᠩ ᠬᠠᠨ ᠠᠭᠤᠯᠠ︾ ᠭᠡᠬᠦ ᠪᠢᠴᠢᠯ | ᠤᠬᠠᠭᠤᠯᠭ᠎ᠠ ᠶᠢᠨ ᠸᠢᠳᠢᠤ᠋᠂ ᠤᠯᠠᠭᠠᠨ ᠤᠮᠠᠷᠠᠲᠤ ᠬᠢᠯᠢ ᠵᠡᠷᠭᠡ ᠪᠦᠲᠦᠭᠡᠭᠳᠡᠬᠦᠨ ᠢ ᠳᠡᠯᠭᠡᠷᠡᠭᠦᠯᠬᠦ ᠡᠷᠴᠢᠮ ᠪᠣᠯᠣᠨ | ᠭᠦᠨᠴᠡ ᠪᠠᠨ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠢ ᠰᠠᠭᠤᠵᠤ ᠳᠠᠭᠠᠭᠠᠬᠤ᠂ ᠰᠣᠨᠣᠰᠴᠤ ᠣᠷᠣᠬᠤ᠂ | ᠣᠶᠢᠯᠠᠭᠠᠵᠤ ᠳᠡᠶᠢᠯᠬᠦ᠂ ᠪᠠᠲᠤ ᠴᠡᠭᠡᠵᠢᠯᠡᠵᠦ᠂ ᠦᠨᠳᠦᠰᠦᠨ ᠱᠠᠲᠤᠨ ᠤ ᠤᠨᠤᠯ ᠤᠨ ᠤᠬᠠᠭᠤᠯᠤᠨ | ᠲᠠᠶᠢᠯᠪᠤᠷᠢᠯᠠᠯᠲᠠ ᠶᠢ ᠨᠡᠩ ᠢᠯᠡᠭᠦᠦ ᠨᠥᠯᠥᠭᠡᠯᠡᠬᠦ ᠬᠦᠴᠦᠨ᠂ ᠲᠠᠲᠠᠬᠤ ᠬᠦᠴᠦᠨ ᠪᠣᠯᠣᠨ ᠠᠮᠢᠵᠢᠷᠠᠯ ᠤᠨ | ᠬᠦᠴᠦᠨ ᠲᠠᠢ ᠪᠣᠯᠭᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠨ | ᠠᠰᠢᠭᠯᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠡᠮᠦᠨ᠎ᠡ ᠪᠣᠯᠠᠭᠲᠤ ᠶᠢᠨ ᠲᠡᠦᠬᠡ ᠠᠴᠠ ᠡᠮᠦᠨᠡᠬᠢ | ᠰᠠᠭᠤᠷᠢᠰᠢᠯ ᠤᠨ ᠪᠠᠭᠤᠷᠢ ᠶᠢᠨ ᠰᠣᠶᠣᠯ ᠤᠨ ᠦᠨ᠎ᠡ ᠦᠷᠳᠡᠭ ᠢ ᠴᠢᠨᠠᠭᠰᠢᠳᠠ ᠠᠭᠤᠳᠠᠯᠵᠤ᠂ ᠲᠡᠦᠬᠡ ᠰᠣᠶᠣᠯ ᠤᠨ | ᠪᠠᠭᠤᠷᠢ ᠶᠢ ᠬᠠᠮᠠᠭᠠᠯᠠᠨ ᠠᠰᠢᠭᠯᠠᠬᠤ ᠪᠠ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ | ᠲᠦᠷᠦᠯ ᠵᠦᠢᠯ ᠢ ᠬᠠᠮᠠᠭᠠᠯᠠᠨ ᠵᠠᠯᠭᠠᠮᠵᠢᠯᠠᠬᠤ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠤᠳᠤᠮᠰᠢᠯ ᠤᠨ | ᠪᠤᠰᠤ ᠵᠠᠯᠭᠠᠮᠵᠢᠯᠠᠬᠤ ᠵᠠᠮ ᠢ ᠢᠳᠡᠪᠬᠢᠲᠡᠢ ᠥᠷᠭᠡᠳᠬᠡᠵᠦ᠂ ᠪᠣᠳᠠᠰ ᠤᠨ ᠪᠤᠰᠤ ᠰᠣᠶᠣᠯ ᠤᠨ ᠥᠪ ᠤᠨ ︽ᠠᠮᠢᠳᠤ | ᠳᠦᠷᠰᠦᠯᠢᠭ︾ ᠣᠯᠠᠮᠵᠢᠯᠠᠬᠤ ᠶᠢ ᠠᠬᠢᠭᠤᠯᠬᠤ ᠬᠡᠷᠡᠭᠲᠡᠢ᠃ ︽ᠦᠵᠡᠰᠬᠦᠯᠡᠩᠲᠦ ᠰᠠᠶᠢᠬᠠᠨ ᠬᠤᠷᠴᠢᠨ ᠲᠠᠩᠰᠤᠭ | ᠰᠠᠶᠢᠬᠠᠨ ᠵᠠᠷᠣᠳ︾ ᠰᠣᠶᠣᠯ ᠵᠢᠭᠤᠯᠴᠢᠯᠠᠯ ᠤᠨ ᠣᠷᠣᠨ ᠪᠦᠰᠡ ᠶᠢᠨ ᠲᠦᠷᠦᠯ ᠲᠡᠮᠳᠡᠭ ᠢ ᠪᠦᠬᠦ | ᠬᠦᠴᠦᠨ ᠢᠶᠠᠷ ᠢᠶᠠᠨ ᠡᠭᠦᠳᠴᠦ᠂ ︽ᠵᠢᠷᠭᠤᠭᠠᠨ ᠨᠢᠭᠡ︾ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠣᠶᠢᠷ᠎ᠠ | ᠲᠡᠭᠦᠷᠭᠡ ᠶᠢᠨ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ᠂ ᠪᠣᠳᠠᠰ ᠤᠨ ᠪᠤᠰᠤ ᠰᠣᠶᠣᠯ ᠤᠨ ᠥᠪ ᠤᠨ | ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠨ | ᠪᠦᠷᠢᠯᠳᠦᠭᠦᠯᠬᠦ ᠶᠢ ᠠᠬᠢᠭᠤᠯᠵᠤ᠂ ︽ᠦᠷ ᠤᠨ ᠲᠤᠶᠠᠭ᠎ᠠ ᠶᠢ ᠬᠠᠶᠢᠵᠤ ᠡᠮᠦᠨ᠎ᠡ ᠪᠣᠯᠠᠭᠲᠤ ᠳᠤ ᠳᠣᠷᠠᠲᠠᠶᠠ | ᠰᠣᠷᠣᠯᠴᠠᠬᠤ︾ ᠰᠣᠶᠣᠯ ᠢ ᠣᠶᠢᠯᠠᠭᠠᠬᠤ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠠᠷᠠᠳ ᠤᠯᠠᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ | ᠭᠡᠪᠡ᠃ | ᠪᠦᠦ ᠸᠧᠨ ᠯᠠᠨ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠳᠣᠭᠠᠴᠢᠯᠠᠯᠲᠠ ᠠᠴᠠ ᠠᠷᠠᠳ ᠤᠨ ᠠᠮᠢᠳᠤᠷᠠᠯ ᠳᠤ ᠡᠨᠧᠷᠬᠢ ᠣᠯᠭᠤᠵᠤ ᠪᠤᠶᠠᠨ ᠵᠢᠷᠭᠠᠯ ᠢ ᠨᠡᠮᠡᠭᠳᠡᠭᠦᠯᠬᠦ ᠶᠢ ᠲᠦᠷᠭᠡᠨ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ︽ | ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠭᠡᠬᠦ︾᠂ ︽ᠠᠯᠠᠭᠠᠨ ᠳᠡᠭᠡᠷ᠎ᠡ ᠭᠦᠢᠴᠡᠳᠬᠡᠬᠦ︾ ᠵᠦᠢᠯᠡᠰ ᠤᠨ | ᠬᠡᠪᠴᠢᠶ᠎ᠡ ᠶᠢ ᠥᠷᠭᠡᠳᠬᠡᠵᠦ᠂ ︽ᠢᠨᠲ᠋ᠥᠷ ᠰᠦᠯᠵᠢᠶ᠎ᠡ + ᠰᠤᠷᠭᠠᠨ ᠬᠥᠮᠦᠵᠢᠯ︾᠂ ︽ᠢᠨᠲ᠋ᠥᠷ ᠰᠦᠯᠵᠢᠶ᠎ᠡ + | ᠡᠮ ᠡᠮᠨᠡᠯᠭᠡ︾ ᠵᠡᠷᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ | ᠲᠣᠭᠠᠴᠢᠯᠠᠭᠰᠠᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠢ ᠮᠡᠳᠡᠭᠡ | ᠵᠠᠩᠭᠢᠴᠢᠯᠠᠯᠲᠠ ᠶᠢᠨ ᠬᠥᠭᠵᠢᠯᠲᠡ ᠶᠢᠨ ᠳᠤᠮᠳᠠ ᠨᠡᠩ ᠤᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠭᠠᠬᠤ ᠬᠡᠷᠡᠭᠲᠡᠢ᠃ ᠡᠯ᠎ᠡ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠬᠢᠨ ᠤᠬᠠᠭᠤᠯᠭ᠎ᠠ ᠶᠢ ᠬᠠᠮᠢᠶᠠᠷᠬᠤ᠂ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ | ᠂ ᠵᠠᠭᠤᠴᠢᠯᠠᠭᠤᠷ ᠢ ᠬᠠᠮᠢᠶᠠᠷᠬᠤ᠂ ᠢᠨᠲ᠋ᠥᠷ ᠰᠦᠯᠵᠢᠶ᠎ᠡ ᠶᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠪᠠ | ᠤᠳᠤᠷᠢᠳᠬᠤ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠭᠤᠣᠯᠳᠠᠯᠭ᠎ᠠ ᠲᠠᠢ ᠠᠰᠠᠭᠤᠳᠠᠯ ᠢ ᠵᠠᠳᠠᠯᠤᠨ | ᠰᠤᠳᠤᠯᠵᠤ ᠮᠠᠭᠠᠳᠯᠠᠬᠤ ᠪᠠ ᠴᠢᠬᠤᠯᠠ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠵᠢᠯᠤᠭᠤᠳᠬᠤ ᠶᠢ ᠪᠦᠬᠦ | ᠲᠠᠯ᠎ᠠ ᠪᠠᠷ ᠴᠢᠩᠭᠠᠳᠬᠠᠬᠤ ᠬᠡᠷᠡᠭᠲᠡᠢ︔ ᠭᠤᠣᠯ ᠬᠠᠷᠢᠭᠤᠴᠠᠯᠭᠠᠲᠠᠨ ᠨᠥᠬᠦᠳ ︽ᠲᠦᠷᠦᠭᠦᠦ ᠣᠳᠣᠷᠢᠳᠣᠯᠭ᠎ᠠ︾ ᠶᠢᠨ | ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠲᠦᠷᠦᠭᠦᠯᠡᠨ ᠴᠢᠭᠯᠡᠯ ᠢ ᠡᠵᠡᠮᠳᠡᠵᠦ᠂ ᠤᠳᠤᠷᠢᠳᠤᠮᠵᠢ ᠶᠢ | ᠠᠳᠬᠤᠵᠤ᠂ ᠵᠢᠭᠰᠠᠭᠠᠯ ᠤᠨ ᠭᠠᠵᠠᠷ ᠢ ᠬᠠᠮᠢᠶᠠᠷᠴᠤ᠂ ᠡᠩᠨᠡᠭᠡ ᠪᠠᠨ ᠬᠦᠴᠦᠷᠬᠡᠭᠵᠢᠭᠦᠯᠵᠦ᠂ ᠠᠵᠢᠯ ᠳᠠᠭᠠᠨ | ᠬᠠᠷᠢᠭᠤᠴᠠᠯᠭ᠎ᠠ ᠲᠠᠢ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠪᠣᠯᠣᠨ | ᠢᠨᠲ᠋ᠥᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠹᠷᠣᠨᠲ ᠤᠨ ᠬᠢᠨ ᠭᠤᠣᠯ ᠬᠦᠴᠦᠨ ᠤ ᠦᠢᠯᠡᠳᠦᠯ ᠢᠶᠠᠨ | ᠰᠠᠶᠢᠲᠤᠷ ᠪᠠᠳᠠᠷᠠᠭᠤᠯᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠶᠡᠷᠦᠩᠬᠡᠶᠢᠯᠡᠨ | ᠠᠬᠢᠭᠤᠯᠬᠤ ᠶᠢ ᠲᠦᠷᠦᠭᠦᠯᠡᠨ ᠠᠳᠬᠤᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠰᠠᠨᠠᠭᠠᠴᠢᠯᠠᠭ᠎ᠠ | ᠠᠴᠠ ᠪᠠᠨ ᠬᠠᠮᠵᠢᠯᠴᠠᠨ᠂ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠪᠠ ᠢᠨᠲ᠋ᠥᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠶᠠᠩ ᠽᠢ ᠴᠢᠶᠠᠩ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠬᠠᠭᠤᠯᠭ᠎ᠠ ᠦᠵᠡᠯ | ᠰᠠᠨᠠᠭ᠎ᠠ ᠰᠣᠶᠣᠯ ᠤᠨ ᠠᠵᠢᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠲᠠ ᠶᠢᠨ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠪᠥᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠤᠨ ᠬᠤᠷᠠᠯ᠂ ᠪᠥᠬᠦ ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ | ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠣᠷᠣᠨ᠂ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠵᠢᠴᠢ ᠪᠥᠬᠦ ᠣᠷᠣᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ | ᠠᠵᠢᠯ ᠤᠨ ᠬᠤᠷᠠᠯ ᠵᠢᠴᠢ ᠲᠦᠩᠯᠢᠶᠣᠣ ᠬᠤᠲᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠵᠢᠴᠢ ᠰᠣᠶᠣᠯ ᠤᠨ | ᠥᠪ ᠢ ᠬᠠᠮᠠᠭᠠᠯᠠᠨ ᠤᠯᠠᠮᠵᠢᠯᠠᠬᠤ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠪᠠ︔ ᠵᠢᠷᠦᠬᠡ ᠪᠠᠯᠭᠠᠰᠤ᠂ | ᠦᠯᠵᠡᠶᠢᠮᠦ᠋ᠷᠡᠨ ᠰᠤᠮᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠰᠣᠶᠣᠯ | ᠵᠢᠭᠤᠯᠴᠢᠯᠠᠯ ᠤᠨ ᠲᠣᠪᠴᠢᠶ᠎ᠠ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠨᠥᠬᠦᠳ | ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠬᠤᠰᠢᠭᠤᠨ ᠤ ᠰᠢᠭᠤᠳ ᠬᠠᠷᠢᠶ᠎ᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠡᠯ᠎ᠡ | ᠨᠢᠭᠡᠴᠡ ᠶᠢᠨ ᠤᠳᠤᠷᠢᠳᠬᠤ ᠪᠠᠭ ᠤᠨ ᠭᠡᠰᠢᠭᠦᠨ᠂ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠪᠠ | ᠬᠤᠰᠢᠭᠤᠨ ᠤ ᠰᠢᠭᠤᠳ ᠬᠠᠷᠢᠶ᠎ᠠ᠂ ᠲᠥᠪ ᠣᠷᠣᠨ ᠬᠤᠲᠠ ᠶᠢᠨ ᠰᠢᠭᠤᠳ ᠬᠠᠷᠢᠶ᠎ᠠ ᠡᠯ᠎ᠡ ᠨᠢᠭᠡᠴᠡ ᠶᠢᠨ ᠨᠠᠮ ᠤᠨ | ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ᠂ ᠨᠠᠮ ᠤᠨ ᠶᠡᠷᠦᠩᠬᠡᠢ ᠡᠭᠦᠷ᠂ ᠨᠠᠮ ᠤᠨ ᠡᠭᠦᠷ︶ ᠤᠨ ᠱᠦᠵᠢ᠂ | ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠤᠬᠠᠭᠤᠯᠬᠤ ᠭᠡᠰᠢᠭᠦᠨ ᠪᠠ ᠬᠤᠰᠢᠭᠤᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠤᠨ ᠪᠥᠬᠦ ᠺᠠᠳ᠋ᠷᠴᠤᠳ ᠬᠤᠷᠠᠯ ᠳᠤ ᠣᠷᠣᠯᠴᠠᠪᠠ᠃ | | | |