ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠭᠤᠷᠪᠠᠳᠤᠭᠠᠷ ᠬᠤᠷᠠᠯ ᠬᠢᠪᠡ
ᠨᠡᠶᠢᠲᠡᠯᠡᠭᠰᠡᠨ ᠴᠠᠭ᠄
2024/3/18
    3 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠭᠤᠷᠪᠠᠳᠤᠭᠠᠷ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠤᠷᠠᠯ ᠡᠷᠭᠢᠯᠡᠨ ᠶᠠᠷᠢᠶ᠎ᠠ ᠲᠠᠯᠪᠢᠪᠠ᠂ ᠬᠤᠰᠢᠭᠤᠨ ᠤ ᠤᠳᠤᠷᠢᠳᠤᠯᠭ᠎ᠠ ᠪᠦᠦ ᠸᠧᠨ ᠯᠠᠨ᠂ ᠯᠢᠦ ᠰᠢ ᠯᠢᠨ᠂ ᠮᠦ ᠲᠢᠶᠧ ᠮᠢᠨ᠂ ᠭᠦᠸᠧ ᠶᠠ ᠹᠧᠩ᠂ ᠦ᠋ ᠫᠧᠩ ᠹᠧᠢ ᠬᠤᠷᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠭᠡᠰᠢᠭᠦᠨ᠂ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠪᠠᠭ ᠤᠨ ᠭᠡᠰᠢᠭᠦᠨ ᠪᠠ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠨᠠᠷ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠤᠯᠤᠰ᠂ ᠣᠷᠣᠨ  ᠤ ᠬᠢᠨᠠᠨ ᠪᠤᠳᠤᠬᠤ ᠠᠵᠢᠯ ᠤᠨ ᠬᠤᠷᠠᠯ ᠪᠣᠯᠣᠨ ᠲᠦᠩᠯᠢᠶᠣᠣ ᠬᠤᠳᠠ ᠶᠢᠨ ᠵᠢᠷᠭᠤᠳᠤᠭᠠᠷ ᠬᠤᠭᠤᠴᠠᠭᠠᠨ ᠤ ᠨᠠᠮ  ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ 2024 ᠣᠨ ᠤ ᠠᠵᠢᠯ ᠤᠨ ᠭᠤᠣᠯᠳᠠᠯᠭ᠎ᠠ ᠶᠢ ᠤᠯᠠᠮᠵᠢᠯᠠᠨ ᠰᠤᠷᠤᠯᠴᠠᠪᠠ᠃     ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠳᠡᠭᠡᠳᠦ ᠱᠠᠲᠤᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠢᠨᠠᠨ ᠪᠤᠳᠤᠬᠤ ᠠᠵᠢᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠤᠷᠤᠭᠰᠢᠯᠠᠯᠲᠠ ᠶᠢᠨ ᠴᠢᠭᠯᠡᠯ ᠢ ᠭᠦᠨᠵᠡᠭᠡᠢ ᠡᠵᠡᠮᠳᠡᠵᠦ᠂ ᠬᠢᠨᠠᠨ ᠪᠤᠳᠤᠬᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠦᠨᠡᠨᠴᠢ ᠪᠠᠷ ᠭᠦᠢᠴᠡᠳᠬᠡᠵᠦ᠂ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ ᠳᠤᠮᠳᠠᠬᠢ ᠬᠢᠨᠠᠨ ᠪᠣᠳᠣᠯᠲᠠ ᠶᠢᠨ ᠥᠪᠡᠷᠮᠢᠴᠡ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠬᠢᠨᠠᠨ ᠪᠤᠳᠤᠬᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠷᠭᠤᠭᠠᠨ ᠢᠨᠵᠧᠨᠧᠷᠢᠩ︾ ᠤᠨ ᠭᠠᠷᠳᠠᠬᠤ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠠᠶ ᠣᠯᠬᠤ ᠪᠠᠷ ᠭᠤᠣᠯᠳᠠᠭᠤᠯᠵᠤ᠂ ᠬᠢᠨᠠᠨ ᠪᠣᠳᠣᠯᠲᠠ ᠶᠢᠨ ᠭᠤᠣᠯᠳᠠᠯᠭ᠎ᠠ ᠶᠢ ᠣᠨᠣᠪᠴᠢᠲᠠᠶ ᠡᠵᠡᠮᠰᠢᠵᠦ᠂ ᠲᠤᠰᠬᠠᠢ ᠵᠦᠢᠯ ᠤᠨ ᠬᠢᠨᠠᠨ ᠪᠣᠳᠣᠯᠲᠠ᠂ ᠡᠳ᠋ ᠤᠨ ᠵᠠᠰᠠᠭ ᠤᠨ ᠬᠢᠨᠠᠨ ᠪᠣᠳᠣᠯᠲᠠ᠂ ᠲᠤᠰᠢᠶᠠᠯ ᠳᠤ ᠪᠠᠶᠢᠭ᠎ᠠ ᠠᠵᠤ ᠠᠬᠤᠢ ᠶᠢᠨ ᠬᠠᠷᠢᠭᠤᠴᠠᠯᠭ᠎ᠠ ᠪᠠ ᠲᠤᠰᠢᠶᠠᠯ  ᠠᠴᠠ ᠪᠠᠨ ᠰᠠᠯᠬᠤ ᠦᠶ᠎ᠡ ᠶᠢᠨ ᠬᠢᠨᠠᠨ ᠪᠣᠳᠣᠯᠲᠠ᠂ ᠠᠵᠤ ᠠᠬᠤᠶᠢᠯᠠᠯ ᠤᠨ ᠬᠢᠨᠠᠨ ᠪᠣᠳᠣᠯᠲᠠ᠂ ᠠᠷᠠᠳ ᠤᠨ ᠠᠮᠢᠳᠤᠷᠠᠯ ᠤᠨ ᠬᠢᠨᠠᠨ ᠪᠣᠳᠣᠯᠲᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠨᠢᠭᠡᠴᠡ᠂ ᠭᠤᠣᠯᠳᠠᠯᠭ᠎ᠠ ᠲᠠᠢ ᠵᠦᠢᠯᠡᠰ᠂ ᠭᠤᠣᠯᠳᠠᠯᠭ᠎ᠠ ᠲᠠᠢ ᠠᠵᠢᠯᠲᠠᠨ ᠳᠤ ᠣᠨᠣᠴᠠᠲᠠᠢ ᠪᠠᠷ ᠬᠢᠨᠠᠨ ᠪᠠᠶᠢᠴᠠᠭᠠᠯᠲᠠ ᠬᠢᠵᠦ᠂ ᠬᠢᠨᠠᠨ ᠪᠣᠳᠣᠯᠲᠠ ᠶᠢᠨ ᠲᠥᠷᠥᠯ ᠵᠦᠢᠯ ᠤᠨ ᠥᠷᠭᠡᠴᠡ᠂ ᠭᠦᠨᠴᠡ ᠪᠠ ᠡᠷᠴᠢᠮ ᠢ ᠨᠢᠭᠡᠳᠦᠯᠲᠡᠢ ᠲᠥᠯᠥᠪᠯᠡᠬᠦ ᠶᠢ ᠴᠢᠬᠤᠯᠠᠴᠢᠯᠠᠨ᠂ ᠬᠢᠨᠠᠨ ᠪᠣᠳᠣᠯᠲᠠ ᠬᠢᠨᠠᠯᠲᠠ ᠲᠠᠯᠪᠢᠯᠲᠠ ᠶᠢ ᠨᠠᠩ ᠶᠡᠭᠡ ᠡᠷᠴᠢᠮ ᠢᠶᠠᠷ ᠴᠢᠩᠭᠠᠷᠠᠭᠤᠯᠵᠤ᠂ ᠬᠢᠨᠠᠨ ᠪᠣᠳᠣᠯᠲᠠ ᠶᠢᠨ ᠠᠵᠢᠯ ᠤᠨ ᠬᠠᠨᠳᠤᠯᠭᠠᠲᠤ ᠴᠢᠨᠠᠷ ᠢ ᠦᠨᠡᠨᠬᠦ ᠴᠢᠩᠭᠠᠷᠠᠭᠤᠯᠬᠤ ᠬᠡᠷᠡᠭᠲᠡᠢ ᠭᠡᠪᠡ᠃     ᠱᠣᠣ ᠶᠠᠨ ᠵᠢᠶᠦ᠋ᠨ ᠱᠠᠭᠠᠷᠳᠠᠭᠰᠠᠨ ᠨᠢ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭ᠎ᠠ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ︽ᠳᠠᠩᠰᠠ ᠬᠠᠷᠭᠤᠭᠤᠯᠵᠤ ᠨᠣᠮᠧᠷ ᠬᠠᠰᠤᠬᠤ︾ ᠡᠬᠡ ᠳᠠᠩᠰᠠ ᠶᠢ ᠪᠠᠶᠢᠭᠤᠯᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠠᠳᠬᠤᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢᠨ ︽ᠰᠠᠩ ᠬᠥᠮᠥᠷᠭᠡ ᠶᠢ ᠴᠡᠪᠡᠷᠯᠡᠬᠦ︾ ᠪᠠ ︽ᠣᠨᠴᠠᠭᠠᠶ ᠳ᠋ᠤᠭᠠᠷ ᠬᠠᠰᠤᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠢᠨᠠᠨ ᠪᠤᠳᠤᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠣᠬᠢᠶᠠᠨ ᠪᠠᠶᠢᠭᠤᠯᠬᠤ᠂ ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠬᠤ ᠂ ᠵᠠᠰᠠᠭ ᠵᠠᠬᠢᠷᠭ᠎ᠠ ᠵᠡᠷᠭᠡ ᠪᠤᠰᠤᠳ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢᠨ ᠨᠡᠪᠲᠡᠷᠡᠯᠴᠡᠨ ᠬᠠᠮᠵᠢᠯᠴᠠᠬᠤ ᠶᠢ ᠦᠷᠭᠦᠯᠵᠢᠯᠡᠨ ᠴᠢᠩᠭᠠᠳᠬᠠᠵᠤ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ᠂ ᠲᠤᠰᠬᠠᠢ ᠵᠦᠢᠯ ᠢᠶᠠᠷ ᠴᠡᠭᠴᠡᠯᠡᠨ ᠰᠠᠶᠢᠵᠢᠷᠠᠭᠤᠯᠬᠤ᠂ ᠭᠤᠣᠯᠳᠠᠯᠭ᠎ᠠ ᠲᠠᠢ ᠱᠠᠭᠠᠷᠳᠠᠨ ᠭᠦᠢᠴᠡᠳᠬᠡᠬᠦ ᠶᠢ ᠬᠠᠷᠢᠯᠴᠠᠨ ᠤᠶᠠᠯᠳᠤᠭᠤᠯᠤᠭᠰᠠᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠰᠢᠨ᠎ᠡ ᠪᠠᠶᠢᠷᠢᠰᠢᠯ ᠢ ᠰᠦᠪᠡᠭᠴᠢᠯᠡᠨ ᠪᠠᠶᠢᠭᠤᠯᠵᠤ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠢᠨᠠᠨ ᠪᠤᠳᠤᠬᠤ ᠠᠵᠢᠯ ᠤᠨ ᠦᠷ᠎ᠡ ᠪᠦᠲᠦᠮᠵᠢ ᠶᠢ ᠴᠠᠭ ᠢᠮᠠᠭᠲᠠ ᠳᠣᠪᠣᠶᠢᠯᠠᠭᠠᠬᠤ ᠬᠡᠷᠡᠭᠲᠡᠢ᠃ ᠪᠦᠬᠦ ᠲᠠᠯ᠎ᠠ ᠪᠠᠷ ᠴᠢᠩᠭ᠎ᠠ ᠬᠢᠨᠠᠨ ᠪᠠᠶᠢᠴᠠᠭᠠᠬᠤ ᠶᠢ ᠭᠦᠨᠵᠡᠭᠡᠢ ᠠᠬᠢᠭᠤᠯᠵᠤ᠂ ᠬᠢᠨᠠᠨ ᠪᠤᠳᠤᠬᠤ ᠺᠠᠳ᠋ᠷ ᠤᠨ ᠲᠤᠰᠬᠠᠢ ᠮᠡᠷᠭᠡᠵᠢᠯ ᠤᠨ ᠴᠢᠳᠠᠪᠤᠷᠢ᠂ ᠶᠠᠰᠤ ᠴᠢᠨᠠᠷ ᠢ ᠡᠵᠡᠮᠳᠡᠬᠦ ᠴᠢᠳᠠᠪᠤᠷᠢ ᠪᠣᠯᠣᠨ ᠲᠣᠮᠣ ᠳ᠋ᠠᠶᠢᠲ᠋ᠠ ᠶᠢ ᠡᠵᠡᠮᠳᠡᠬᠦ ᠴᠢᠳᠠᠪᠤᠷᠢ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠢᠨᠠᠨ ᠪᠠᠶᠢᠴᠠᠭᠠᠵᠤ ᠵᠣᠷᠢᠭᠲᠠᠢ ᠪᠠᠷ ᠴᠢᠩᠳᠠᠯᠠᠬᠤ ᠬᠢᠨᠠᠨ ᠪᠤᠳᠤᠬᠤ ᠰᠡᠳᠬᠢᠯᠭᠡ ᠶᠢ ᠬᠢᠨᠠᠨ ᠪᠤᠳᠤᠬᠤ ᠠᠵᠢᠯ ᠤᠨ ᠡᠯ᠎ᠡ ᠭᠤᠭᠴᠤᠭ᠎ᠠ ᠳᠤ ᠲᠥᠪᠯᠡᠷᠡᠭᠦᠯᠵᠦ᠂ ᠬᠢᠨᠠᠨ ᠪᠤᠳᠤᠬᠤ ᠠᠵᠢᠯ ᠤᠨ ᠰᠠᠬᠢᠯᠭ᠎ᠠ ᠪᠠᠲᠤᠴᠢ ᠴᠢᠨᠠᠷ ᠢ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ ᠪᠠᠷ ᠠᠵᠤ ᠠᠬᠤᠢ ᠶᠢᠨ ᠬᠢᠨᠠᠯᠲᠠ ᠲᠠᠯᠪᠢᠬᠤ ︽ᠣᠨᠴᠠ ᠲᠦᠷᠦᠯ ᠤᠨ ᠴᠡᠷᠢᠭ ᠠᠩᠭᠢ︾ ᠶᠢ ᠪᠠᠶᠢᠭᠤᠯᠵᠤ᠂ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃     ᠬᠤᠷᠠᠯ ᠠᠴᠠ ᠪᠠᠰᠠ ᠪᠥᠬᠦ ᠬᠤᠰᠢᠭᠤᠨ ᠤ 2023 ᠣᠨ ᠤ ᠬᠢᠨᠠᠨ ᠪᠣᠳᠣᠯᠲᠠ ᠶᠢᠨ ᠠᠵᠢᠯ ᠤᠨ ᠪᠠᠶᠢᠳᠠᠯ᠂ 2022 ᠣᠨ ᠤ ᠬᠤᠰᠢᠭᠤᠨ ᠤ ᠲᠣᠰ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ︽ᠵᠠᠷᠤᠳ ᠬᠤᠰᠢᠭᠤᠨ ᠤ 2024 ᠣᠨ ᠤ ᠬᠢᠨᠠᠨ ᠪᠣᠳᠣᠯᠲᠠ ᠶᠢᠨ ᠲᠥᠷᠥᠯ ᠵᠦᠢᠯ ᠤᠨ ᠲᠥᠯᠥᠪᠯᠡᠭᠡ ︵ᠲᠥᠰᠥᠯ︶︾ ᠶᠢ ᠬᠢᠨᠠᠨ ᠵᠥᠪᠯᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号