ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠬᠠᠮᠲᠤ ᠶᠠᠪᠣᠭᠰᠠᠳ ᠲᠠᠢ ᠪᠠᠨ ᠦᠯᠵᠡᠶᠢᠮᠦ᠋ᠷᠡᠨ ᠰᠤᠮᠤᠨ ᠳᠤ ᠭᠦᠨᠵᠡᠭᠡᠶᠢᠷᠡᠨ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ  ᠳᠠᠶᠢᠯᠠᠯᠳᠣᠭᠠᠨ ᠵᠢᠴᠢ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/3/18
    3 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ‌ᠬᠠᠮᠲᠤ ᠶᠠᠪᠣᠭᠰᠠᠳ ᠲᠠᠢ ᠪᠠᠨ ᠦᠯᠵᠡᠶᠢᠮᠦ᠋ᠷᠡᠨ ᠰᠤᠮᠤᠨ ᠳᠤ ᠭᠦᠨᠵᠡᠭᠡᠶᠢᠷᠡᠨ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠣᠭᠠᠨ ᠵᠢᠴᠢ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃     ᠱᠤᠤ ᠶᠠᠨ ᠵᠢᠶᠦ᠋ᠨ ᠬᠠᠮᠲᠤ ᠶᠠᠪᠣᠭᠰᠠᠳ ᠲᠠᠢ ᠪᠠᠨ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠠᠨᠠᠯ ᠢᠶᠠᠨ ᠰᠣᠯᠢᠯᠴᠠᠬᠤ ᠪᠠᠷ ᠳᠠᠮᠵᠢᠨ ᠰᠤᠮᠤ ᠶᠢᠨ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠵᠢᠴᠢ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠣᠭᠠᠨ ᠢ ᠬᠡᠷᠡᠭᠵᠢᠭᠦᠯᠵᠦ ᠪᠠᠶᠢᠭ᠎ᠠ ᠭᠠᠵᠠᠷ ᠤᠨ ᠬᠡᠰᠡᠭ ᠢ ᠵᠠᠰᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠠᠰᠠᠬᠤ ᠠᠷᠭ᠎ᠠ ᠬᠡᠮᠵᠢᠶ᠎ᠡ ᠶᠢᠨ ᠲᠤᠬᠠᠢ ᠵᠣᠬᠢᠴᠠᠭᠰᠠᠨ ᠰᠠᠨᠠᠭᠤᠯᠭ᠎ᠠ ᠳᠣᠷᠠᠳᠪᠠ᠃     ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠣᠭᠠᠨ ᠤ ᠢᠯᠠᠯᠲᠠ ᠶᠢ ᠵᠠᠪᠠᠯ ᠰᠠᠶᠢᠲᠤᠷ ᠣᠯᠵᠤ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠤᠢ ᠰᠢᠭᠤᠢ ᠶᠢᠨ ᠠᠬᠠᠯᠠᠭᠴᠢ ᠶᠢᠨ ᠳᠦᠷᠢᠮ ᠤᠨ ᠬᠢᠨᠠᠨ ᠰᠢᠯᠭᠠᠯᠲᠠ ᠳᠤ ᠣᠷᠣᠭᠤᠯᠵᠤ᠂ ᠭᠤᠣᠯᠳᠠᠯᠭ᠎ᠠ ᠲᠠᠢ ᠢᠨᠵᠧᠨᠧᠷᠢᠩ ᠢᠶᠠᠷ ᠰᠢᠵᠢᠮ ᠪᠣᠯᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠤᠢ ᠰᠢᠭᠤᠢ ᠨᠣᠲᠤᠭ ᠪᠡᠯᠴᠢᠭᠡᠷ ᠤᠨ ᠠᠵᠤ ᠦᠢᠯᠡᠰ ᠢ ᠬᠥᠭᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠡᠭᠦᠨ ᠤ ᠬᠠᠮᠲᠤ ᠠᠮᠢ ᠠᠬᠤᠢ ᠶᠢᠨ ᠰᠡᠷᠭᠦᠭᠡᠯᠲᠡ ᠶᠢᠨ ᠳᠠᠷᠠᠭᠠᠬᠢ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠳᠬᠠᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠬᠦ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号