ᠣᠶᠢᠷ᠎ᠠ ᠳᠤ᠂ ᠵᠠᠷᠤᠳ ᠬᠤᠰᠢᠭᠤ 2024 ᠣᠨ ᠤ ᠬᠠᠪᠤᠷ ᠤᠨ ᠤᠯᠠᠷᠢᠯ ᠤᠨ ᠰᠢᠨ᠎ᠡ ᠴᠡᠷᠢᠭ ᠢ ᠦᠳᠡᠨ | ᠮᠣᠷᠳᠠᠭᠤᠯᠬᠤ ᠶᠣᠰᠣᠯᠠᠯ ᠵᠢᠴᠢ ᠲᠥᠷᠥ ᠶᠢᠨ ᠪᠣᠳᠣᠯᠭ᠎ᠠ ᠶᠢ ᠴᠡᠷᠢᠭ ᠤᠨ ᠬᠤᠸᠠᠷᠠᠨ ᠳᠤ ᠤᠷᠤᠭᠤᠯᠬᠤ ᠤᠬᠠᠭᠤᠯᠤᠨ | ᠲᠠᠶᠢᠯᠪᠤᠷᠢᠯᠠᠬᠤ ᠬᠤᠷᠠᠯ ᠡᠷᠭᠢᠯᠡᠪᠡ᠃ ᠬᠤᠷᠠᠯ ᠳᠡᠭᠡᠷ᠎ᠡ᠂ ᠠᠵᠢᠯᠲᠠᠳ ᠠᠴᠠ ᠰᠢᠨ᠎ᠡ ᠴᠡᠷᠢᠭ ᠲᠤ ᠭᠠᠪᠢᠶ᠎ᠠ | ᠪᠠᠶᠢᠭᠤᠯᠤᠭᠰᠠᠳ ᠲᠤ ᠱᠠᠩᠨᠠᠯ ᠦᠭᠬᠦ ᠬᠥᠬᠢᠭᠦᠯᠦᠯ ᠤᠨ ᠮᠥᠩᠭᠦ᠂ ᠠᠯᠪᠠᠨ ᠵᠢᠷᠤᠮ ᠤᠨ ᠴᠡᠷᠢᠭ ᠤᠨ ᠬᠠᠷᠠᠭᠠᠯᠵᠠᠯ ᠤᠨ | ᠮᠥᠩᠭᠦ᠂ ᠴᠡᠷᠢᠭ ᠠᠴᠠ ᠪᠠᠭᠤᠭᠰᠠᠳ ᠢ ᠲᠥᠪᠬᠢᠨᠡᠭᠦᠯᠬᠦ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠷᠢᠨ | ᠲᠠᠶᠢᠯᠪᠤᠷᠢᠯᠠᠨ ᠥᠭᠴᠦ᠂ ᠡᠭᠦᠨ ᠤ ᠬᠠᠮᠲᠤ ᠰᠢᠨ᠎ᠡ ᠴᠡᠷᠢᠭ ᠢ ᠲᠠᠶᠢᠴᠢᠯᠠᠨ ᠡᠬᠡ ᠤᠯᠤᠰ ᠲᠠᠭᠠᠨ ᠬᠦᠴᠦ ᠪᠠᠨ | ᠡᠷᠭᠦᠬᠦ᠂ ᠠᠷᠠᠳ ᠲᠦᠮᠡᠨ ᠳᠤ ᠦᠢᠯᠡᠴᠢᠯᠡᠬᠦ ᠤᠭ ᠰᠠᠨᠠᠭ᠎ᠠ ᠪᠠᠨ ᠢᠮᠠᠭᠲᠠ ᠪᠠᠷᠢᠮᠲᠠᠯᠠᠵᠤ᠂ ᠡᠷᠡᠭᠦᠯ ᠴᠢᠭᠢᠷᠠᠭ ᠪᠠᠲᠤ | ᠴᠢᠩᠭ᠎ᠠ ᠪᠡᠶ᠎ᠡ ᠮᠠᠬᠠᠪᠤᠳ ᠲᠠᠢ ᠪᠠᠶᠢᠵᠦ᠂ ︽ᠳᠥᠷᠪᠡ ᠶᠢ ᠪᠦᠷᠢᠳᠦᠭᠦᠯᠬᠦ︾ ᠰᠢᠨ᠎ᠡ ᠴᠠᠭ ᠦᠶ᠎ᠡ ᠶᠢᠨ ᠬᠤᠪᠢᠰᠬᠠᠯᠲᠤ | ᠴᠡᠷᠢᠭ ᠪᠣᠯᠬᠤ ᠪᠠᠷ ᠴᠢᠷᠮᠠᠶᠢᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠨ ᠡᠬᠡ ᠤᠯᠤᠰ ᠲᠠᠭᠠᠨ | ᠬᠦᠴᠦ ᠪᠠᠨ ᠡᠷᠭᠦᠬᠦ ᠵᠣᠷᠢᠭ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠤᠲᠤᠭ ᠤᠰᠤ ᠪᠣᠯᠣᠨ | ᠠᠬᠠᠰ ᠵᠠᠬᠠᠰ ᠳᠠᠭᠠᠨ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ ᠬᠦᠰᠡᠪᠡ᠃ | | | |