| ᠣᠶᠢᠷ᠎ᠠ ᠳᠤ᠂ ᠵᠠᠷᠤᠳ ᠬᠤᠰᠢᠭᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠢᠪᠡ᠃ ᠬᠤᠷᠠᠯ ᠠᠴᠠ | 2023 ᠣᠨ ᠤ ᠪᠥᠬᠦ ᠬᠤᠰᠢᠭᠤᠨ ᠤ ᠵᠣᠬᠢᠶᠠᠨ ᠪᠠᠶᠢᠭᠤᠯᠬᠤ ᠠᠵᠢᠯ ᠢ ᠳ᠋ᠦᠩᠨᠡᠭᠰᠡᠨ ᠪᠥᠭᠡᠳ 2024 ᠣᠨ ᠤ | ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠰᠦᠸᠧ ᠮᠢᠩ ᠢᠦᠢ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠪᠤᠢ ᠪᠣᠯᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯ | ᠶᠡᠭᠡ ᠲᠠᠯ᠎ᠠ ᠳᠤ ᠬᠡᠷᠡᠭᠴᠡᠭᠡ ᠲᠠᠢ᠂ ᠵᠣᠬᠢᠶᠠᠨ ᠪᠠᠶᠢᠭᠤᠯᠬᠤ ᠠᠵᠢᠯ ᠳᠤ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ | ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠵᠦ ᠪᠠᠲᠤᠯᠠᠬᠤ ᠪᠠ ᠵᠠᠷᠤᠳ ᠬᠤᠰᠢᠭᠤᠨ ᠤ | ᠪᠦᠬᠦ ᠬᠤᠲᠠ ᠶᠢᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ | ᠳᠠᠭᠠᠭᠤᠯᠤᠭᠴᠢ︾ ᠪᠣᠯᠬᠤ ᠪᠠᠷ ᠴᠢᠷᠮᠠᠶᠢᠬᠤ ᠬᠠᠷᠠᠯᠲᠠ ᠡᠭᠦᠷᠭᠡ ᠶᠢ ᠪᠡᠶᠡᠯᠡᠭᠦᠯᠬᠦ ᠲᠠᠯ᠎ᠠ ᠪᠠᠷ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ | ᠥᠷᠭᠡᠳᠬᠡᠵᠦ᠂ ᠦᠨᠳᠦᠰᠦᠨ ᠳᠦᠷᠢᠮ ᠢ ᠨᠠᠶᠢᠳᠠᠪᠤᠷᠢᠵᠢᠭᠤᠯᠵᠤ᠂ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ | ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ | ᠠᠬᠢᠭᠤᠯᠬᠤ ᠬᠡᠷᠡᠭᠲᠡᠢ᠃ ᠰᠣᠩᠭᠤᠬᠤ ᠬᠦᠮᠦᠵᠢᠭᠦᠯᠬᠦ ᠬᠠᠮᠢᠶᠠᠷᠬᠤ ᠬᠡᠷᠡᠭᠯᠡᠬᠦ ᠶᠢ ᠨᠢᠭᠡᠳᠦᠯᠲᠡᠢ ᠲᠥᠯᠥᠪᠵᠢᠭᠦᠯᠦᠨ᠂ | ᠤᠳᠤᠷᠢᠳᠬᠤ ᠪᠠᠭ ᠲᠤ ᠰᠢᠯᠢᠳᠡᠭ ᠢ ᠨᠢ ᠲᠣᠬᠢᠷᠠᠭᠤᠯᠤᠨ ᠬᠦᠴᠦᠷᠬᠡᠭᠵᠢᠭᠦᠯᠵᠦ᠂ ᠺᠠᠳ᠋ᠷ ᠤᠨ ᠡᠩᠨᠡᠭᠡ ᠶᠢ ᠰᠠᠶᠢᠲᠤᠷ | ᠬᠠᠮᠢᠶᠠᠷᠤᠨ ᠰᠠᠶᠢᠲᠤᠷ ᠬᠡᠷᠡᠭᠯᠡᠵᠦ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠬᠤ | ᠪᠠ ᠦᠢᠯᠡᠳᠦᠯᠭᠡᠵᠢᠭᠦᠯᠬᠦ ᠶᠢ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠨ ᠦᠢᠯᠡᠰ ᠪᠦᠲᠦᠭᠡᠬᠦ᠂ ᠠᠵᠢᠯ ᠬᠢᠵᠦ | ᠦᠢᠯᠡᠰ ᠴᠣᠭᠴᠠᠯᠠᠬᠤ ᠶᠢ ᠨᠡᠩ ᠰᠠᠶᠢᠲᠤᠷ ᠵᠣᠷᠢᠭᠵᠢᠭᠤᠯᠬᠤ ᠬᠡᠷᠡᠭᠲᠡᠢ᠃ ᠴᠢᠳᠠᠪᠤᠷᠢᠲᠠᠨ ᠢᠶᠠᠷ ᠬᠤᠰᠢᠭᠤ ᠪᠠᠨ | ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠵᠦ᠂ ᠦᠢᠯᠡᠳᠪᠦᠷᠢᠯᠡᠯ ᠴᠢᠳᠠᠪᠤᠷᠢᠲᠠᠨ ᠤ ᠠᠭᠤᠰᠤᠯᠴᠠᠯ ᠢ | ᠭᠦᠨᠵᠡᠭᠡᠢ ᠠᠬᠢᠭᠤᠯᠵᠤ᠂ ᠡᠯ᠎ᠡ ᠬᠦᠷᠢᠶ᠎ᠡ ᠴᠠᠷ᠎ᠠ ᠶᠢᠨ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠬᠦ ᠶᠢ ᠰᠠᠶᠢᠲᠤᠷ | ᠠᠳᠬᠤᠵᠤ᠂ ᠰᠢᠯᠢᠳᠡᠭ ᠴᠢᠳᠠᠪᠤᠷᠢᠲᠠᠨ ᠢ ᠬᠦᠮᠦᠵᠢᠭᠦᠯᠬᠦ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠦᠨᠳᠦᠰᠦᠨ | ᠱᠠᠲᠤ ᠶᠢ ᠠᠳᠬᠤᠵᠤ ᠰᠠᠭᠤᠷᠢ ᠶᠢ ᠪᠠᠲᠣᠳᠬᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ | ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ | ᠳᠠᠭᠠᠭᠤᠯᠬᠤ ᠶᠢ ᠴᠢᠩᠭᠠᠳᠬᠠᠵᠤ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠦᠷ᠎ᠡ ᠠᠰᠢᠭ ᠢ ᠰᠢᠰᠲ᠋ᠧᠮ ᠲᠠᠢ | ᠳᠡᠭᠡᠭᠰᠢᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠠᠷᠭ᠎ᠠ ᠶᠢ ᠡᠵᠡᠮᠰᠢᠵᠦ᠂ ︽ᠲᠦᠷᠭᠡᠨ᠂ | ᠯᠠᠪᠳᠠᠭᠤᠨ᠂ ᠣᠨᠣᠪᠴᠢᠲᠠᠢ᠂ ᠴᠢᠩᠭ᠎ᠠ᠂ ᠪᠣᠳᠠᠲᠠᠢ᠂ ᠨᠠᠷᠢᠯᠢᠭ︾ ᠰᠢᠯᠢᠳᠡᠭ ᠰᠤᠷᠲᠠᠯ ᠢ ᠲᠦᠷᠭᠡᠨ ᠪᠣᠶᠢᠵᠢᠭᠤᠯᠵᠤ᠂ | ᠰᠤᠷᠤᠯᠴᠠᠯᠭ᠎ᠠ ᠶᠢ ᠶᠡᠬᠡᠪᠡᠷ ᠠᠳᠬᠤᠬᠤ᠂ ᠨᠠᠶᠢᠳᠠᠪᠤᠷᠢᠵᠢᠭᠤᠯᠤᠯᠲᠠ ᠶᠢ ᠶᠡᠬᠡᠪᠡᠷ ᠠᠳᠬᠤᠬᠤ᠂ ᠰᠢᠨ᠎ᠡ ᠶᠢ ᠡᠭᠦᠳᠬᠦ ᠶᠢ | ᠶᠡᠬᠡᠪᠡᠷ ᠠᠳᠬᠤᠬᠤ᠂ ᠰᠤᠷᠲᠠᠯ ᠢ ᠶᠡᠬᠡᠪᠡᠷ ᠠᠳᠬᠤᠬᠤ ᠳᠡᠭᠡᠷ᠎ᠡ ᠬᠦᠴᠦ ᠣᠷᠣᠭᠤᠯᠵᠤ᠂ ᠵᠢᠱᠢᠶᠡᠴᠢ ᠰᠠᠯᠠᠭ᠎ᠠ | ᠮᠥᠴᠢᠷ ᠪᠣᠯᠣᠨ ᠴᠠᠭᠠᠷᠠᠭᠰᠠᠨ ᠡᠩᠨᠡᠭᠡ ᠶᠢ ᠦᠷᠭᠦᠯᠵᠢᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠡᠯ᠎ᠡ ᠰᠤᠮᠤ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠶᠢᠨ ᠵᠣᠬᠢᠶᠠᠨ ᠪᠠᠶᠢᠭᠤᠯᠬᠤ ᠭᠡᠰᠢᠭᠦᠨ ︵ᠳᠡᠳ᠋ ᠱᠦᠵᠢ | ︶᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ | ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠶᠠᠪᠤᠳᠠᠯ ᠤᠨ ᠬᠤᠷᠠᠯ ᠤᠨ ᠭᠡᠰᠢᠭᠦᠨ | ᠵᠢᠴᠢ ᠪᠥᠬᠦ ᠬᠡᠯᠲᠡᠰ ᠤᠨ ᠠᠵᠢᠯ ᠤᠨ ᠺᠠᠳ᠋ᠷ ᠬᠤᠷᠠᠯ ᠳᠤ ᠣᠷᠣᠯᠴᠠᠪᠠ᠃ | | | |