ᠹᠧᠩ ᠱᠧᠩ ᠬᠠᠢ ᠴᠧᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ 3000 ᠲᠦᠮᠡᠨ ᠦᠳᠤ ᠢᠳᠡᠰᠢᠨ ᠲᠠᠬᠢᠶ᠎ᠠ ᠲᠡᠵᠢᠭᠡᠨ ᠦᠷᠡᠵᠢᠭᠦᠯᠬᠦ ᠲᠥᠷᠥᠯ ᠵᠦᠢᠯ ᠤᠨ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠥᠯᠥᠭᠡ᠂ 3 ᠰᠠᠷ᠎ᠠ ᠶᠢᠨ 18 ᠤ ᠡᠳᠦᠷ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠲᠤᠰᠬᠠᠢ ᠮᠡᠷᠭᠡᠵᠢᠯᠲᠡᠨ ᠢ ᠤᠷᠢᠵᠤ᠂ ᠹᠧᠩ ᠱᠧᠩ ᠪᠦᠯᠦᠭᠯᠡᠯ ᠤᠨ ᠠᠵᠢᠯᠲᠠᠳ ᠲᠠᠢ ᠬᠠᠮᠲᠤᠷᠠᠨ | ᠲᠥᠷᠥᠯ ᠵᠦᠢᠯ ᠢ ᠠᠬᠢᠭᠤᠯᠬᠤ ᠬᠤᠷᠠᠯ ᠬᠢᠪᠡ᠃ | ᠬᠤᠷᠠᠯ ᠳᠡᠭᠡᠷ᠎ᠡ᠂ ᠡᠩ ᠲᠡᠷᠢᠭᠦᠨ ᠳᠤ ᠹᠧᠩ ᠱᠧᠩ ᠪᠦᠯᠦᠭᠯᠡᠯ ᠤᠨ ᠬᠢᠨ ᠲᠦᠷᠦᠯ ᠵᠦᠢᠯ ᠤᠨ ᠦᠨᠳᠦᠰᠦᠨ | ᠪᠠᠶᠢᠳᠠᠯ ᠢ ᠲᠠᠨᠢᠯᠴᠠᠭᠤᠯᠪᠠ᠂ ᠡᠭᠦᠨ ᠳᠤ ᠲᠡᠵᠢᠭᠡᠪᠤᠷᠢ ᠶᠢᠨ ᠲᠠᠯᠠᠪᠠᠢ᠂ ᠲᠡᠵᠢᠭᠡᠯ ᠪᠣᠷᠳᠤᠭ᠎ᠠ ᠶᠢᠨ ᠲᠠᠯᠠᠪᠠᠢ᠂ | ᠠᠯᠠᠰᠢᠨ ᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠦᠢᠯᠡᠳᠪᠦᠷᠢ ᠶᠢᠨ ᠲᠣᠭᠤᠷᠢᠭ ᠤᠨ | ᠪᠠᠶᠢᠷᠢᠰᠢᠭᠤᠯᠤᠯᠲᠠ ᠵᠡᠷᠭᠡ ᠪᠠᠶᠢᠳᠠᠯ ᠢ ᠪᠠᠭᠲᠠᠭᠠᠵᠤ᠂ ᠵᠢᠷᠤᠭ ᠲᠥᠯᠥᠪᠯᠡᠭᠡ ᠶᠢᠨ ᠴᠢᠳᠠᠮᠵᠢᠲᠤ ᠴᠢᠨᠠᠷ᠂ ᠵᠦᠢ | ᠵᠣᠬᠢᠰᠲᠠᠢ ᠴᠢᠨᠠᠷ᠂ ᠬᠡᠷᠡᠭᠯᠡᠭᠡᠨ ᠤ ᠴᠢᠨᠠᠷ ᠤᠨ ᠲᠤᠬᠠᠢ ᠠᠬᠤᠢ ᠲᠠᠯᠠᠪᠠᠢ ᠳᠤ ᠲᠤᠰᠬᠠᠢ ᠮᠡᠷᠭᠡᠵᠢᠯᠲᠡᠨ ᠤ ᠰᠠᠨᠠᠯ ᠢ | ᠬᠤᠷᠢᠶᠠᠪᠠ᠃ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠤᠰᠬᠠᠢ | ᠮᠡᠷᠭᠡᠵᠢᠯᠲᠡᠨ ᠵᠢᠴᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ | ᠠᠵᠢᠯᠲᠠᠳ ᠡᠯ᠎ᠡ ᠲᠠᠯᠠᠪᠠᠶ ᠲᠣᠭᠤᠷᠢᠭ ᠤᠨ ᠪᠠᠶᠢᠷᠢᠯᠠᠭᠤᠯᠤᠯᠲᠠ᠂ ᠡᠯ᠎ᠡ ᠴᠢᠳᠠᠮᠵᠢᠲᠤ ᠣᠷᠣᠨ ᠤ | ᠪᠠᠶᠢᠷᠢᠯᠠᠭᠤᠯᠤᠯᠲᠠ ᠶᠢᠨ ᠬᠠᠨᠳᠤᠯᠭᠠᠲᠤ ᠴᠢᠨᠠᠷ ᠤᠨ ᠲᠤᠬᠠᠢ ᠣᠯᠠᠨ ᠵᠤᠷᠪᠤᠰ ᠵᠦᠢ ᠵᠣᠬᠢᠰᠲᠠᠢ ᠰᠠᠨᠠᠯ ᠲᠤᠷᠠᠳᠪᠠ᠃ | ᠡᠭᠦᠨ ᠤ ᠬᠠᠮᠲᠤ ᠠᠵᠤ ᠠᠬᠤᠶᠢᠯᠠᠯ ᠤᠳ ᠬᠤᠶᠢᠰᠢᠳᠠ ᠶᠢᠨ ᠬᠥᠭᠵᠢᠯᠲᠡ ᠪᠠ ᠳᠡᠭᠡᠭᠰᠢᠯᠡᠬᠦ ᠣᠷᠣᠨ ᠵᠠᠢ ᠶᠢ | ᠭᠦᠢᠴᠡᠳ ᠪᠣᠳᠣᠯᠬᠢᠯᠠᠵᠤ᠂ ᠠᠯᠤᠰ ᠤᠨ ᠴᠢᠨᠠᠷᠲᠠᠢ ᠬᠠᠷᠠᠭᠠᠰᠤ ᠠᠴᠠ ᠡᠯ᠎ᠡ ᠲᠠᠯᠠᠪᠤᠷ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠬᠢᠵᠢᠭ ᠦᠯᠤ ᠬᠠᠯᠳᠠᠭᠠᠬᠤ ᠵᠢᠵᠢᠭ ᠲᠣᠭᠤᠷᠢᠭ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ | ᠠᠵᠤ ᠠᠬᠤᠶᠢᠯᠠᠯ ᠤᠨ ᠢᠷᠡᠭᠡᠳᠦᠢ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠶᠢ ᠰᠠᠨᠠᠭᠤᠯᠪᠠ᠃ | | | | | ᠬᠠᠮᠤᠭ ᠰᠡᠭᠦᠯ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠳᠣᠷᠵᠢ | ᠨᠥᠬᠦᠷ ᠬᠤᠲᠠ ᠶᠢᠨ ᠳᠡᠰ ᠤᠨ ᠲᠤᠰᠬᠠᠢ ᠮᠡᠷᠭᠡᠵᠢᠯᠲᠡᠨ ᠤ ᠳᠤᠷᠠᠳᠤᠭᠰᠠᠨ ᠰᠠᠨᠠᠭᠤᠯᠭ᠎ᠠ ᠳᠤ ᠲᠠᠯᠠᠷᠬᠠᠵᠤ | ᠪᠠᠶᠢᠬᠤ ᠪᠠᠨ ᠢᠯᠡᠳᠬᠡᠵᠦ᠂ ᠡᠭᠦᠨ ᠤ ᠬᠠᠮᠲᠤ᠂ ᠹᠧᠩ ᠱᠧᠩ ᠬᠠᠢ ᠴᠧᠨ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 3000 ᠲᠦᠮᠡᠨ ᠦᠳᠤ ᠢᠳᠡᠰᠢᠨ ᠲᠠᠬᠢᠶ᠎ᠠ ᠲᠡᠵᠢᠭᠡᠨ | ᠦᠷᠡᠵᠢᠭᠦᠯᠬᠦ ᠲᠥᠷᠥᠯ ᠵᠦᠢᠯ ᠪᠣᠯ ᠮᠠᠨ ᠤ ᠬᠤᠰᠢᠭᠤᠨ ᠤ ᠭᠤᠣᠯᠳᠠᠯᠭ᠎ᠠ ᠲᠠᠢ ᠠᠬᠢᠭᠤᠯᠬᠤ ᠲᠥᠷᠥᠯ ᠵᠦᠢᠯ ᠮᠥᠨ᠂ | ᠠᠵᠤ ᠠᠬᠤᠶᠢᠯᠠᠯ ᠲᠠᠢ ᠬᠠᠮᠲᠤ ᠪᠠᠷ ᠴᠢᠷᠮᠠᠶᠢᠵᠤ ᠪᠠᠶᠢᠭᠠᠳ ᠲᠥᠷᠥᠯ ᠵᠦᠢᠯ ᠢ ᠠᠬᠢᠭᠤᠯᠬᠤ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠷᠠᠭᠤᠯᠬᠤ ᠶᠢ ᠬᠦᠰᠡᠵᠦ ᠪᠠᠶᠢᠨ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠥᠬᠦ | ᠬᠦᠴᠦᠨ ᠢᠶᠠᠷ ᠢᠶᠠᠨ ᠪᠠᠲᠤᠯᠠᠭ᠎ᠠ ᠪᠠ ᠦᠢᠯᠡᠴᠢᠯᠡᠭᠡ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠪᠡᠯᠡ | ᠣᠷᠣᠭᠤᠯᠵᠤ ᠦᠢᠯᠡᠰ ᠬᠥᠭᠵᠢᠭᠦᠯᠬᠦ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠡᠭᠦᠳᠦᠨ | ᠥᠭᠴᠦ᠂ ᠲᠥᠷᠥᠯ ᠵᠦᠢᠯ ᠢ ᠡᠷᠲᠡᠬᠡᠨ ᠪᠠᠶᠢᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠶᠢ ᠪᠠᠲᠤᠯᠠᠨ᠎ᠠ ᠭᠡᠵᠦ | ᠴᠢᠬᠤᠯᠠᠴᠢᠯᠠᠪᠠ᠃ |