| 3 ᠰᠠᠷ᠎ᠠ ᠶᠢᠨ 18 ᠤ ᠡᠳᠦᠷ᠂ ᠵᠠᠷᠤᠳ ᠬᠤᠰᠢᠭᠤᠨ ᠤ ᠤᠯᠤᠰ ᠤᠨ ᠠᠷᠢᠭᠤᠨ ᠴᠡᠪᠡᠷ ᠬᠤᠰᠢᠭᠤ᠂ ᠠᠷᠢᠭᠤᠨ | ᠴᠡᠪᠡᠷ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠢᠪᠡ᠃ ᠬᠤᠰᠢᠭᠤᠨ ᠤ | ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ ᠯᠠᠨ ᠬᠤᠷᠠᠯ ᠡᠷᠭᠢᠯᠡᠨ ᠶᠠᠷᠢᠶ᠎ᠠ ᠲᠠᠯᠪᠢᠪᠠ | ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠶᠣᠣ ᠼᠠᠢ ᠶᠠᠨ᠂ | ᠳᠡᠳ᠋ ᠬᠤᠰᠢᠭᠤᠨ ᠳᠠᠷᠤᠭ᠎ᠠ ᠳ᠋ᠢᠩ ᡁᠢ ᠭᠠᠩ᠂ ᠱᠠᠨ ᠬᠤᠸᠠ ᠴᠢ᠂ ᠵᠠᠩ ᠯᠢ ᠭᠦᠸᠧ ᠬᠤᠷᠠᠯ ᠳᠤ ᠣᠷᠣᠯᠴᠠᠪᠠ᠃ | ᠬᠤᠷᠠᠯ ᠠᠴᠠ 3 ᠰᠠᠷ᠎ᠠ ᠶᠢᠨ 16 ᠤ ᠡᠳᠦᠷ ᠤᠨ ᠤᠯᠤᠰ ᠤᠨ ᠲᠤᠰᠬᠠᠢ ᠮᠡᠷᠭᠡᠵᠢᠯᠲᠡᠳ ᠤᠨ ᠪᠥᠬᠦ | ᠬᠤᠰᠢᠭᠤᠨ ᠤ ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠠᠬᠤᠢ ᠲᠠᠯᠠᠪᠠᠶ ᠶᠢ | ᠵᠢᠯᠣᠭᠤᠳᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠢᠴᠢ ᠣᠳᠣᠬᠠᠨ ᠤ ᠪᠥᠬᠦ ᠬᠤᠰᠢᠭᠤᠨ ᠤ ᠠᠷᠢᠭᠤᠨ | ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠪᠡ︔ | ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠷᠢᠭᠤᠨ ᠴᠡᠪᠡᠷ | ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠪᠦᠦ ᠸᠧᠨ ᠯᠠᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠲᠠᠨᠢᠯᠲᠠ ᠪᠠᠨ ᠭᠦᠨᠵᠡᠭᠡᠶᠢᠷᠡᠭᠦᠯᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ | ᠳᠠᠰᠤᠷᠠᠯᠳᠠ ᠦᠭᠡᠢ ᠪᠠᠲᠤᠳᠬᠠᠵᠤ᠂ ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠤᠨ | ᠪᠠᠴᠢᠮ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠷᠢᠭᠤᠨ | ᠴᠡᠪᠡᠷ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ | ᠬᠡᠷᠡᠭᠲᠡᠢ᠃ ᠤᠯᠤᠰ ᠲᠦᠷᠦ ᠶᠢ ᠡᠷᠬᠢᠮᠯᠡᠵᠦ᠂ ᠶᠡᠭᠡ ᠲᠠᠯ᠎ᠠ ᠶᠢ ᠬᠠᠷᠠᠭᠠᠯᠵᠠᠵᠤ᠂ ᠨᠡᠪᠲᠡᠷᠡᠯᠴᠡᠭᠡ ᠪᠠᠨ | ᠴᠢᠩᠭᠠᠳᠬᠠᠵᠤ᠂ ᠨᠢᠭᠲᠠ ᠬᠠᠮᠵᠢᠯᠴᠠᠵᠤ᠂ ᠬᠠᠷᠢᠯᠴᠠᠨ ᠳᠡᠮᠵᠢᠵᠦ᠂ ᠪᠦᠬᠦᠯᠢ ᠴᠣᠭᠴᠠ ᠪᠠᠷ ᠢᠶᠠᠨ ᠬᠤᠯᠪᠤᠭᠠᠯᠠᠨ | ᠬᠥᠳᠡᠯᠦᠯᠴᠡᠵᠦ᠂ ᠣᠷᠢᠳᠠᠪᠠᠷ ᠨᠢᠭᠡ ᠠᠯᠬᠤᠮ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠣᠷᠣᠨ ᠪᠠᠶᠢᠷᠢ ᠪᠠᠨ ᠨᠥᠬᠦᠪᠦᠷᠢᠯᠡᠵᠦ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠠᠳᠬᠤᠬᠤ ᠬᠦᠴᠦᠷᠬᠡᠭ ᠶᠡᠭᠡ | ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ | ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠬᠠᠷᠠᠯᠲᠠ ᠡᠭᠦᠷᠭᠡ ᠶᠢ | ᠦᠨᠡᠨᠬᠦ ᠬᠥᠮᠥᠨ ᠳᠤ ᠬᠦᠷᠲᠡᠯ᠎ᠡ ᠨᠠᠷᠢᠯᠢᠭᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠬᠥᠮᠥᠨ ᠳᠤ ᠬᠦᠷᠲᠡᠯ᠎ᠡ | ᠲᠣᠳᠣᠷᠬᠠᠶᠢᠯᠠᠬᠤ ᠬᠡᠷᠡᠭᠲᠡᠢ᠃ ᠢᠳᠡᠭᠡᠨ ᠤ ︽ᠭᠤᠷᠪᠠᠨ ᠵᠢᠵᠢᠭ︾᠂ ︽ᠠᠷᠪᠠᠨ ᠳᠤᠷ᠎ᠠ ᠪᠠᠷ ᠢᠶᠠᠨ︾᠂ | ᠵᠣᠷᠯᠣᠩ ᠤᠨ ᠥᠭᠡᠷᠡᠴᠢᠯᠡᠯᠲᠡ᠂ ᠬᠤᠭ ᠨᠣᠪᠰᠢ ᠶᠢ ᠰᠢᠢᠳᠪᠦᠷᠢᠯᠡᠬᠦ᠂ ᠪᠣᠬᠢᠷ ᠤᠰᠤ ᠶᠢ ᠭᠠᠳᠠᠭᠰᠢᠯᠠᠭᠤᠯᠬᠤ᠂ | ᠬᠠᠶᠠᠭᠳᠠᠮᠠᠯ ᠡᠳ᠋ ᠢ ᠬᠤᠳᠠᠯᠳᠤᠨ ᠠᠪᠬᠤ ᠥᠷᠲᠡᠭᠡ ᠶᠢᠨ ᠬᠠᠮᠢᠶᠠᠷᠤᠯᠲᠠ ᠵᠡᠷᠭᠡ ᠠᠰᠠᠭᠤᠳᠠᠯ ᠳᠤ ᠴᠢᠭᠯᠡᠭᠦᠯᠦᠨ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠬᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠴᠢᠩᠭ᠎ᠠ | ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠪᠠᠷᠢᠮᠵᠢᠶ᠎ᠠ ᠬᠢᠨᠠᠨ ᠰᠢᠯᠭᠠᠬᠤ ᠨᠠᠷᠢᠨ | ᠳᠦᠷᠢᠮ ᠢ ᠴᠢᠩᠳᠠᠯᠠᠵᠤ ᠴᠡᠭᠴᠡᠯᠡᠨ ᠰᠠᠶᠢᠵᠢᠷᠠᠭᠤᠯᠵᠤ᠂ ᠬᠡᠷᠡᠭᠵᠢᠭᠦᠯᠬᠦ ᠶᠢ ᠲᠡᠪᠴᠢᠭᠰᠡᠳ ᠲᠤ ᠴᠣᠬᠢᠯᠲᠠ ᠥᠭᠬᠦ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ | ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠠᠷᠢᠭᠤᠨ ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠳᠤ ᠢᠳᠡᠪᠬᠢᠲᠡᠢ | ᠰᠠᠨᠠᠭᠠᠴᠢᠯᠠᠭ᠎ᠠ ᠲᠠᠢ ᠪᠠᠷ ᠣᠷᠣᠯᠴᠠᠭᠤᠯᠵᠤ᠂ ᠡᠯ᠎ᠡ ᠵᠦᠢᠯ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠥᠮᠥᠨ | ᠪᠦᠬᠦᠨ ᠮᠡᠳᠡᠵᠦ᠂ ᠬᠥᠮᠥᠨ ᠪᠦᠬᠦᠨ ᠳᠡᠮᠵᠢᠵᠦ᠂ ᠬᠥᠮᠥᠨ ᠪᠦᠬᠦᠨ ᠣᠷᠣᠯᠴᠠᠭᠰᠠᠨ ᠡᠭᠦᠳᠦᠨ ᠪᠠᠶᠢᠭᠤᠯᠬᠤ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠪᠡ᠃ | ᠪᠦᠦ ᠸᠧᠨ ᠯᠠᠨ ᠱᠠᠭᠠᠷᠳᠠᠭᠰᠠᠨ ᠨᠢ᠂ ᠤᠯᠤᠰ ᠤᠨ ᠠᠷᠢᠭᠤᠨ ᠴᠡᠪᠡᠷ ᠬᠤᠰᠢᠭᠤ᠂ ᠠᠷᠢᠭᠤᠨ ᠴᠡᠪᠡᠷ ᠰᠢᠶᠠᠩ | ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠷᠢᠭᠤᠨ | ᠴᠡᠪᠡᠷ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠡᠭᠦᠷᠭᠡᠲᠦ ᠰᠡᠳᠬᠢᠯᠭᠡ ᠪᠠ ᠪᠠᠴᠢᠮ ᠲᠤᠯᠭᠠᠮ᠎ᠠ | ᠰᠡᠳᠬᠢᠯᠭᠡ ᠶᠢ ᠦᠨᠡᠨᠬᠦ ᠴᠢᠩᠭᠠᠷᠠᠭᠤᠯᠬᠤ ᠶᠢᠨ ᠬᠠᠮᠲᠤ᠂ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠪᠠᠷᠢᠮᠵᠢᠶ᠎ᠠ ᠲᠠᠢ ᠬᠠᠷᠢᠴᠠᠭᠤᠯᠤᠨ ᠳᠣᠲᠠᠭᠳᠠᠯ ᠢᠶᠠᠨ ᠨᠥᠬᠦᠪᠦᠷᠢᠯᠡᠵᠦ᠂ ᠠᠷᠢᠭᠤᠨ ᠴᠡᠪᠡᠷ ᠬᠤᠰᠢᠭᠤ ᠰᠢᠶᠠᠨ ᠢ | ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠬᠦᠴᠦᠲᠡᠢ ᠠᠬᠢᠭᠤᠯᠬᠤ ᠶᠢ ᠦᠨᠡᠨᠬᠦ ᠪᠠᠲᠤᠯᠠᠵᠤ᠂ ᠴᠡᠪᠡᠷ ᠲᠡᠭᠰᠢ᠂ | ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ | ᠴᠢᠷᠮᠠᠶᠢᠨ ᠪᠣᠶ ᠪᠣᠯᠭᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ | ᠪᠣᠳᠠᠲᠠᠶᠢᠵᠢᠭᠤᠯᠵᠤ᠂ ᠬᠡᠯᠪᠡᠷᠢ ᠶᠢᠨ ᠦᠵᠡᠯ ᠢ ᠡᠷᠡᠰ ᠬᠤᠷᠢᠭᠯᠠᠵᠤ᠂ ᠬᠠᠷᠠᠯᠲᠠ ᠡᠭᠦᠷᠭᠡ ᠶᠢ ᠱᠠᠲᠤ ᠱᠠᠲᠤ ᠪᠠᠷ | ᠬᠤᠪᠢᠶᠠᠷᠢᠯᠠᠨ ᠨᠠᠶᠢᠳᠠᠪᠤᠷᠢᠵᠢᠭᠤᠯᠵᠤ᠂ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠠᠭ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠵᠤ᠂ ᠡᠴᠦᠰ ᠲᠤᠨᠢ ᠲᠤᠯᠲᠠᠯ᠎ᠠ ᠬᠡᠷᠡᠭᠵᠢᠭᠦᠯᠵᠦ᠂ ᠪᠠᠶᠢᠩᠭᠤᠵᠢᠭᠰᠠᠨ ᠠᠵᠢᠯ ᠤᠨ ᠲᠣᠭᠲᠠᠴᠠ ᠪᠣᠯᠣᠨ | ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠢ᠃ ᠰᠡᠳᠬᠢᠬᠦᠢ ᠶᠢᠨ ᠠᠷᠭ᠎ᠠ ᠬᠡᠯᠪᠡᠷᠢ ᠪᠠᠨ | ᠬᠤᠪᠢᠷᠠᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠤᠯᠪᠣᠯᠳᠤᠨ ᠬᠠᠮᠵᠢᠯᠴᠠᠬᠤ ᠶᠢ ᠴᠢᠩᠭᠠᠳᠬᠠᠵᠤ᠂ | ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠯᠳᠠᠭᠳᠠᠯ ᠢ ᠪᠠᠶᠢᠴᠠᠭᠠᠵᠤ᠂ ᠳᠤᠲᠠᠭᠳᠠᠯ ᠲᠠᠢ ᠲᠠᠯ᠎ᠠ ᠪᠠᠨ | ᠨᠥᠬᠦᠪᠦᠷᠢᠯᠡᠵᠦ᠂ ᠬᠠᠷᠢᠭᠤᠴᠠᠯᠭ᠎ᠠ ᠪᠠᠨ ᠡᠷᠡᠰ ᠡᠭᠦᠷᠭᠡᠯᠡᠨ᠂ ᠬᠡᠪ ᠤᠨ ᠪᠤᠰᠤ ᠠᠷᠭ᠎ᠠ ᠪᠠᠷ᠂ ᠪᠣᠳᠠᠲᠠᠢ ᠠᠷᠭ᠎ᠠ᠂ | ᠬᠠᠲᠠᠭᠤ ᠴᠢᠩᠭ᠎ᠠ ᠠᠷᠭ᠎ᠠ ᠠᠪᠴᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠥᠬᠦ ᠲᠠᠯ᠎ᠠ ᠪᠠᠷ ᠳᠡᠭᠡᠭᠰᠢᠯᠡᠭᠦᠯᠦᠨ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠤᠯᠤᠰ ᠤᠨ ᠠᠷᠢᠭᠤᠨ ᠴᠡᠪᠡᠷ ᠬᠤᠰᠢᠭᠤ᠂ ᠠᠷᠢᠭᠤᠨ | ᠴᠡᠪᠡᠷ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃ | ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠪᠣᠯᠣᠨ ᠭᠠᠭ᠋ᠠᠶᠢᠲᠤ | ᠪᠠᠯᠭᠠᠰᠤ᠂ ᠬᠤᠩᠬᠠᠲᠤ ᠠᠭᠤᠯᠠ ᠪᠠᠯᠭᠠᠰᠤ᠂ ᠰᠢᠶᠠᠩᠱᠠᠨ ᠪᠠᠯᠭᠠᠰᠤ᠂ ᠪᠠᠶᠠᠷᠲᠤᠬᠤᠰᠢᠭᠤ ᠪᠠᠯᠭᠠᠰᠤ᠂ ᠦᠨᠡᠭᠡᠴᠢ | ᠰᠤᠮᠤ᠂ ᠴᠢᠪᠠᠭᠠᠲᠤ ᠰᠤᠮᠤ ᠵᠡᠷᠭᠡ ᠤᠯᠤᠰ ᠤᠨ ᠠᠷᠢᠭᠤᠨ ᠴᠡᠪᠡᠷ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ | ᠵᠢᠷᠭᠤᠭᠠᠨ ᠰᠤᠮᠤ ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |