| 3 ᠰᠠᠷ᠎ᠠ ᠶᠢᠨ 18 ᠤ ᠡᠳᠦᠷ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ | ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠱᠠᠰᠢᠨ ᠰᠤᠷᠲᠠᠬᠤᠨ ᠤ ᠲᠣᠪᠴᠢᠶ᠎ᠠ ᠶᠢᠨ ᠳᠠᠷᠤᠭ᠎ᠠ ᠢᠦᠢ ᠶᠦᠩ | ᠪᠦᠯᠬᠦᠮ ᠳᠠᠭᠠᠭᠤᠯᠤᠨ ᠵᠠᠷᠤᠳ ᠬᠤᠰᠢᠭᠤᠨ ᠤ 4 ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠵᠢᠴᠢ | ᠳᠣᠯᠣᠲᠤ ᠰᠤᠮᠤ ᠶᠢᠨ ᠡᠷᠭᠡᠲᠦ ᠭᠠᠴᠠᠭ᠎ᠠ᠂ ᠮᠣᠩᠭᠤᠯ ᠦᠨᠳᠦᠰᠦᠲᠡᠨ ᠤ ᠬᠤᠶᠠᠳᠤᠭᠠᠷ ᠬᠡᠦᠬᠡᠳ ᠤᠨ ᠴᠡᠴᠡᠷᠯᠢᠭ ᠲᠤ | ᠭᠦᠨᠵᠡᠭᠡᠶᠢᠷᠡᠵᠦ᠂ ᠱᠠᠰᠢᠨ ᠰᠤᠷᠲᠠᠬᠤᠨ ᠵᠢᠴᠢ ᠦᠨᠳᠦᠰᠦᠲᠡᠨ ᠤ ᠠᠵᠢᠯ ᠤᠨ ᠲᠤᠬᠠᠢ ᠠᠬᠤᠢ ᠭᠠᠵᠠᠷ ᠲᠤᠨᠢ | ᠰᠤᠷᠪᠤᠯᠵᠢᠯᠠᠨ ᠪᠠᠶᠢᠴᠠᠭᠠᠬᠤ᠂ ᠰᠠᠭᠤᠳᠠᠯ ᠤᠨ ᠬᠤᠷᠠᠯ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠪᠠᠶᠢᠴᠠᠭᠠᠨ | ᠰᠤᠳᠤᠯᠤᠯᠲᠠ ᠬᠢᠬᠦ ᠶᠢᠨ ᠬᠠᠮᠲᠤ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠷᠢᠭᠤᠴᠠᠯᠭᠠᠲᠠᠨ᠂ | ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠺᠠᠳ᠋ᠷᠴᠤᠳ ᠲᠠᠢ ᠰᠠᠨᠠᠯ ᠢᠶᠠᠨ ᠰᠣᠯᠢᠯᠴᠠᠵᠤ ᠶᠠᠷᠢᠯᠴᠠᠪᠠ | ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠦᠬᠦ ᠬᠤᠰᠢᠭᠤᠨ ᠤ ᠱᠠᠰᠢᠨ ᠰᠤᠷᠲᠠᠬᠤᠨ ᠵᠢᠴᠢ | ᠦᠨᠳᠦᠰᠦᠲᠡᠨ ᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠬᠤᠶᠢᠰᠢᠳᠠ ᠶᠢᠨ ᠭᠤᠣᠯᠳᠠᠯᠭ᠎ᠠ ᠲᠠᠢ ᠠᠵᠢᠯ ᠢ | ᠥᠷᠨᠢᠭᠦᠯᠬᠦ ᠲᠠᠢ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ︽ᠨᠠᠢᠮᠠᠨ ᠰᠢᠯᠢᠳᠡᠭ︾ ᠱᠠᠰᠢᠨ | ᠰᠤᠷᠲᠠᠬᠤᠨ ᠤ ᠠᠵᠢᠯᠯᠠᠭᠠᠨ ᠤ ᠲᠠᠯᠠᠪᠤᠷ ᠭᠠᠵᠠᠷ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ | ᠭᠦᠨᠵᠡᠭᠡᠶᠢᠷᠡᠭᠦᠯᠬᠦ ᠬᠡᠷᠡᠭᠲᠡᠢ︔ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠠᠮᠤᠷ ᠲᠦᠪᠰᠢᠨ ᠤ | ᠪᠠᠶᠢᠴᠠᠭᠠᠯᠲᠠ ᠶᠢ ᠴᠢᠩᠭᠠᠳᠬᠠᠵᠤ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠪᠣᠯᠣᠨ ᠱᠠᠰᠢᠨ ᠰᠢᠲᠦᠳᠡᠭ | ᠤᠯᠠᠨ ᠲᠦᠮᠡᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ | ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠱᠠᠰᠢᠨ | ᠰᠤᠷᠲᠠᠬᠤᠨ ᠤ ᠬᠦᠷᠢᠶᠡᠨ ᠤ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ ᠭᠡᠪᠡ᠃ | | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠢᠦᠢ | ᠯᠢᠩ ᠬᠤᠸ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ | ᠳᠠᠷᠤᠭ᠎ᠠ᠂ ᠬᠤᠰᠢᠭᠤᠨ ᠤ ᠵᠠᠰᠠᠭ ᠤᠨ ᠣᠷᠳᠣᠨ ᠤ ᠬᠠᠷᠢᠶᠠᠲᠤ ᠶᠢᠨ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ | ᠱᠣᠸ ᠶᠦᠨ ᠯᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ | ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠬᠥᠩ ᠭᠦᠸᠧ ᠴᠢᠩ᠂ ᠬᠤᠰᠢᠭᠤᠨ ᠤ | ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠰᠢᠭᠤᠨ ᠤ ᠱᠠᠰᠢᠨ | ᠰᠤᠷᠲᠠᠬᠤᠨ ᠤ ᠲᠣᠪᠴᠢᠶ᠎ᠠ ᠶᠢᠨ ᠳᠠᠷᠤᠭ᠎ᠠ ᠭᠧᠩ ᡁᠢ ᠴᠢᠶᠠᠩ ᠵᠡᠷᠭᠡ ᠬᠠᠮᠢᠶ᠎ᠠ ᠪᠦᠬᠦᠢ ᠬᠥᠮᠥᠰ ᠪᠠᠷ᠎ᠠ ᠪᠣᠯᠵᠤ | ᠪᠠᠶᠢᠴᠠᠭᠠᠨ ᠰᠤᠳᠣᠯᠪᠠ᠃ |