3 ᠰᠠᠷ᠎ᠠ ᠶᠢᠨ 20 ᠤ ᠡᠳᠦᠷ᠂ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠨ ᠱᠠᠨ ᠰᠢ ᠶᠢᠨ | ᠣᠯᠠᠨ ᠤᠯᠤᠰ ᠤᠨ ᠡᠨᠧᠷᠭᠢ ᠶᠢᠨ ᠪᠦᠯᠦᠭᠯᠡᠯ ᠤᠨ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠲᠠᠢ | ᠪᠣᠬᠢᠷᠲᠤᠯ ᠦᠭᠡᠢ ᠠᠭᠠᠷ ᠤᠨ ᠠᠶᠠᠯᠠᠯ ᠤᠨ ᠨᠡᠭᠦᠷᠡᠰᠦᠨ ᠲᠣᠰᠣᠨ ᠤ ᠲᠥᠷᠥᠯ ᠵᠦᠢᠯ ᠤᠨ ᠭᠡᠷ᠎ᠡ ᠲᠣᠭᠲᠠᠬᠤ | ᠶᠣᠰᠣᠯᠠᠯ ᠶᠠᠪᠤᠭᠳᠠᠪᠠ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠸᠧᠨ | ᠯᠠᠨ᠂ ᠳᠡᠳ᠋ ᠳᠠᠷᠤᠭ᠎ᠠ ᠢᠦᠢ ᠬᠠᠢ ᠪᠦᠦ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ ᠱᠠᠨ ᠰᠢ ᠶᠢᠨ | ᠣᠯᠠᠨ ᠤᠯᠤᠰ ᠤᠨ ᠡᠨᠧᠷᠭᠢ ᠶᠢᠨ ᠪᠦᠯᠦᠭᠯᠡᠯ ᠤᠨ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠬᠠᠮᠢᠶᠠᠷᠤᠯᠲᠠ ᠶᠢᠨ | ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ ᠶᠢᠨ ᠬᠤᠲᠠ ᠶᠢᠨ | ᠶᠠᠪᠤᠳᠠᠯ ᠤᠨ ᠪᠦᠯᠦᠭᠯᠡᠯ ᠤᠨ ᠲᠢᠶᠠᠨᠵᠢᠨ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠰᠢᠭᠤᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | | | | | | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠱᠠᠨ ᠰᠢ ᠶᠢᠨ ᠤᠯᠠᠨ ᠤᠯᠤᠰ ᠤᠨ ᠡᠨᠧᠷᠭᠢ ᠶᠢᠨ | ᠪᠦᠯᠦᠭᠯᠡᠯ ᠤᠨ ᠰᠢᠨ᠎ᠡ ᠡᠨᠧᠷᠭᠢ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ | ᠳᠡᠳ᠋ ᠶᠡᠷᠦᠩᠬᠡᠢ ᠳᠠᠭᠠᠭᠠᠮᠠᠯ ᠪᠠᠢ ᠫᠧᠩ ᠺᠣᠮᠫᠠᠨᠢ ᠶᠢᠨ ᠪᠠᠶᠢᠳᠠᠯ ᠢᠶᠠᠨ ᠲᠠᠨᠢᠯᠴᠠᠭᠤᠯᠪᠠ︔ ᠳᠠᠷᠠᠭ᠎ᠠ ᠨᠢ᠂ ᠬᠤᠶᠠᠷ | ᠲᠠᠯ᠎ᠠ ᠪᠠᠷ ᠢᠶᠠᠨ ᠥᠪᠥᠷ ᠮᠣᠩᠭᠤᠯ ᠤᠨ ᠵᠠᠷᠤᠳ ᠬᠤᠰᠢᠭᠤᠨ ᠤ ᠰᠠᠯᠬᠢᠨ ᠬᠦᠴᠦᠨ ᠤ ᠴᠠᠬᠢᠯᠭᠠᠨ ᠢᠶᠠᠷ 35 ᠲᠦᠮᠡᠨ | ᠲᠣᠨ ᠪᠣᠬᠢᠷᠲᠤᠯ ᠦᠭᠡᠢ ᠠᠭᠠᠷ ᠤᠨ ᠠᠶᠠᠯᠠᠯ ᠤᠨ ᠨᠡᠭᠦᠷᠡᠰᠦᠨ ᠲᠤᠰᠤᠨ ᠤ ᠲᠦᠷᠦᠯ ᠵᠦᠢᠯ ᠤᠨ ᠬᠡᠯᠡᠯᠴᠡᠭᠡᠷ | ᠪᠢᠴᠢᠭ ᠲᠤ ᠭᠠᠷ ᠤᠨ ᠦᠰᠦᠭ ᠵᠢᠷᠤᠪᠠ᠃ | | | | | ᠣᠶᠢᠯᠠᠭᠠᠭᠰᠠᠨ ᠢᠶᠠᠷ᠂ ᠡᠨᠡ ᠵᠢᠯ᠂ ᠱᠠᠨ ᠰᠢ ᠶᠢᠨ ᠣᠯᠠᠨ ᠤᠯᠤᠰ ᠤᠨ ᠡᠨᠧᠷᠭᠢ ᠶᠢᠨ ᠪᠦᠯᠦᠭᠯᠡᠯ ᠤᠨ ᠰᠢᠨ᠎ᠡ | ᠡᠨᠧᠷᠭᠢ ᠶᠢᠨ ᠪᠡᠯᠡ ᠣᠷᠣᠭᠤᠯᠤᠯᠲᠠ ᠬᠠᠮᠢᠶᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠠᠷᠤᠳ | ᠬᠤᠰᠢᠭᠤᠨ ᠳᠤ ᠪᠡᠯᠡ ᠣᠷᠣᠭᠤᠯᠤᠨ 35 ᠲᠦᠮᠡᠨ ᠲᠣᠨ ᠪᠣᠬᠢᠷᠲᠤᠯ ᠦᠭᠡᠢ ᠠᠭᠠᠷ ᠤᠨ ᠠᠶᠠᠯᠠᠯ ᠤᠨ ᠨᠡᠭᠦᠷᠡᠰᠦᠨ | ᠲᠣᠰᠣᠨ ᠤ ᠲᠥᠷᠥᠯ ᠵᠦᠢᠯ ᠢ ᠪᠦᠲᠦᠭᠡᠨ ᠪᠠᠶᠢᠭᠤᠯᠬᠤ ᠪᠠᠷ ᠪᠣᠶ᠃ ᠲᠣᠰ ᠲᠥᠷᠥᠯ ᠵᠦᠢᠯ ᠳᠤ 107 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 1G ᠰᠠᠯᠬᠢᠨ ᠬᠦᠴᠦᠨ ᠤ ᠴᠠᠬᠢᠯᠭᠠᠨ ᠢ ᠪᠦᠲᠦᠭᠡᠨ | ᠪᠠᠶᠢᠭᠤᠯᠵᠤ᠂ ᠲᠣᠣᠷ ᠠᠴᠠ ᠰᠠᠯᠤᠭᠰᠠᠨ ᠬᠡᠯᠪᠡᠷᠢ ᠶᠢᠨ ᠪᠣᠬᠢᠷᠲᠤᠯ ᠦᠭᠡᠢ ᠴᠠᠬᠢᠯᠭᠠᠨ ᠢ ᠰᠢᠭᠤᠳ ᠬᠠᠩᠭᠠᠬᠤ | ᠵᠠᠭᠪᠤᠷ ᠢᠶᠠᠷ ᠳᠠᠮᠵᠢᠭᠤᠯᠤᠨ᠂ ᠵᠢᠯ ᠳᠤ 35 ᠲᠦᠮᠡᠨ ᠲᠣᠨ ᠪᠣᠬᠢᠷᠲᠤᠯ ᠦᠭᠡᠢ ᠠᠭᠠᠷ ᠤᠨ ᠠᠶᠠᠯᠠᠯ ᠤᠨ ᠨᠡᠭᠦᠷᠡᠰᠦᠨ | ᠲᠣᠰᠣ ᠦᠢᠯᠡᠳᠪᠦᠷᠢᠯᠡᠨ᠎ᠡ᠃ ᠲᠥᠷᠥᠯ ᠵᠦᠢᠯ ᠢ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ | ᠨᠢᠭᠡᠳᠦᠭᠡᠷ ᠬᠤᠭᠤᠴᠠᠭᠠᠨ ᠳᠤ 30 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢ ᠪᠦᠲᠦᠭᠡᠨ | ᠪᠠᠶᠢᠭᠤᠯᠵᠤ᠂ ᠵᠢᠯ ᠳᠤ 10 ᠲᠦᠮᠡᠨ ᠲᠣᠨ ᠪᠣᠬᠢᠷᠲᠤᠯ ᠦᠭᠡᠢ ᠠᠭᠠᠷ ᠤᠨ ᠠᠶᠠᠯᠠᠯ ᠤᠨ ᠨᠡᠭᠦᠷᠡᠰᠦᠨ ᠲᠣᠰᠣ᠂ | ᠤᠰᠤᠲᠥ᠋ᠷᠥᠭᠴᠢ ᠲᠦᠯᠡᠰᠢᠨ ᠳ᠋ᠢᠶᠠᠨ ᡂᠢ᠂ ᠪᠦᠷᠢᠨ ᠸᠠᠨᠠᠳᠢ ᠶᠢᠨ ᠰᠢᠩᠭᠡᠨ ᠤᠷᠤᠰᠬᠠᠯ ᠤᠨ ᠡᠨᠧᠷᠭᠢ ᠬᠠᠳᠠᠭᠠᠯᠠᠬᠤ᠂ | ᠤᠰᠤᠲᠥ᠋ᠷᠥᠭᠴᠢ ᠬᠠᠳᠠᠭᠠᠯᠠᠵᠦ ᠦᠢᠯᠡᠳᠬᠦ ᠲᠥᠬᠦᠭᠡᠷᠦᠮᠵᠢ᠂ ᠬᠦᠴᠦᠳᠡᠯ ᠳᠡᠭᠡᠭᠰᠢᠯᠡᠭᠦᠯᠬᠦ ᠥᠷᠲᠡᠭᠡ ᠶᠢᠨ ᠰᠢᠰᠲ᠋ᠧᠮ᠂ | ᠶᠡᠷᠦᠩᠬᠡᠶᠢᠯᠡᠭᠰᠡᠨ ᠠᠯᠪᠠᠯᠠᠬᠤ ᠰᠢᠰᠲ᠋ᠧᠮ ᠵᠢᠴᠢ ᠲᠤᠰᠠᠯᠠᠬᠤ ᠦᠢᠯᠡᠳᠪᠦᠷᠢᠯᠡᠯ ᠤᠨ ᠰᠢᠰᠲ᠋ᠧᠮ ᠢ ᠦᠢᠯᠡᠳᠪᠦᠷᠢᠯᠡᠨ᠎ᠡ︔ | ᠬᠤᠶᠠᠳᠤᠭᠠᠷ ᠬᠤᠭᠤᠴᠠᠭᠠᠨ ᠳᠤ 70 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢ ᠪᠦᠲᠦᠭᠡᠨ | ᠪᠠᠶᠢᠭᠤᠯᠵᠤ᠂ ᠵᠢᠯ ᠳᠤ 25 ᠲᠦᠮᠡᠨ ᠲᠣᠨ ᠪᠣᠬᠢᠷᠲᠤᠯ ᠦᠭᠡᠢ ᠠᠭᠠᠷ ᠤᠨ ᠠᠶᠠᠯᠠᠯ ᠤᠨ ᠨᠡᠭᠦᠷᠡᠰᠦᠨ ᠲᠣᠰᠣ᠂ | ᠪᠦᠷᠢᠨ ᠸᠠᠨᠠᠳᠢ ᠶᠢᠨ ᠰᠢᠩᠭᠡᠨ ᠤᠷᠤᠰᠬᠠᠯ ᠤᠨ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠬᠠᠳᠠᠭᠠᠯᠠᠵᠦ ᠦᠢᠯᠡᠳᠬᠦ | ᠲᠥᠬᠦᠭᠡᠷᠦᠮᠵᠢ ᠵᠢᠴᠢ ᠲᠤᠰᠠᠯᠠᠬᠤ ᠦᠢᠯᠡᠳᠪᠦᠷᠢᠯᠡᠯ ᠤᠨ ᠰᠢᠰᠲ᠋ᠧᠮ ᠢ ᠦᠢᠯᠡᠳᠪᠦᠷᠢᠯᠡᠨ᠎ᠡ᠃ ᠲᠥᠷᠥᠯ ᠵᠦᠢᠯ ᠢ | ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ | ᠪᠣᠷᠣᠯᠠᠭᠤᠯᠤᠯᠲᠠ ᠶᠢᠨ ᠣᠷᠣᠯᠭ᠎ᠠ 42.3 ᠳ᠋ᠦᠩᠰᠢᠭᠤᠷ ᠲᠥᠭᠦᠷᠢᠭ ᠲᠤ ᠬᠦᠷᠴᠦ᠂ 54800 ᠲᠦᠮᠡᠨ | ᠲᠥᠭᠦᠷᠢᠭ ᠭᠠᠶᠢᠯᠢ ᠲᠤᠰᠢᠶᠠᠵᠦ᠂ 800 ᠰᠢᠬᠠᠮ ᠬᠥᠮᠥᠨ ᠢ ᠳᠥᠪᠬᠢᠨᠡᠭᠦᠯᠦᠨ ᠠᠵᠢᠯ ᠣᠯᠭᠤᠵᠤ ᠪᠣᠯᠣᠨ᠎ᠠ᠃ | | | |