| | | | | 3 ᠰᠠᠷ᠎ᠠ ᠶᠢᠨ 20 ᠤ ᠡᠳᠦᠷ᠂ ᠵᠠᠷᠤᠳ ᠬᠤᠰᠢᠭᠤ ︽ᠬᠤᠲᠠ ᠶᠢᠨ ᠠᠷᠠᠳ ᠲᠤ ᠠᠮᠠᠯᠳᠠᠵᠤ ᠬᠤᠲᠠ ᠶᠢᠨ | ᠠᠷᠠᠳ ᠤᠨ ᠰᠠᠨᠠᠯ ᠢ ᠰᠣᠨᠣᠰᠤᠶ᠎ᠠ︾ ᠭᠡᠬᠦ ᠭᠤᠣᠯ ᠰᠡᠳᠦᠪᠲᠦ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠩᠬᠠᠳᠣᠭᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠰᠣᠯᠢᠯᠴᠠᠭᠠᠨ ᠤ ᠲᠥᠪ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠠᠷᠠᠳ ᠤᠨ | ᠰᠢᠭᠦᠬᠦ ᠬᠤᠷᠢᠶ᠎ᠠ ᠠᠴᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠣᠬᠠᠢ ᠢᠯᠡ ᠪᠠᠷ | ᠠᠮᠠᠯᠳᠠᠬᠤ ᠶᠢᠨ ᠬᠠᠮᠲᠤ ᠨᠡᠶᠢᠭᠡᠮ ᠳᠠᠶᠠᠭᠠᠷ ᠲᠤ ᠥᠷᠭᠡᠨ ᠢᠶᠠᠷ ᠬᠢᠨᠠᠯᠲᠠ ᠲᠠᠯᠪᠢᠭᠤᠯᠬᠤ ᠪᠠᠷ ᠳᠡᠪᠰᠢᠭᠦᠯᠪᠡ᠃ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠤᠷᠭᠠᠯᠲᠤ ᠨᠡᠶᠢᠭᠡᠮ ᠨᠡᠶᠢᠲᠡ ᠳᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠶᠢᠨ ᠬᠠᠤᠯᠢ ᠲᠣᠭᠲᠠᠭᠠᠯ ᠪᠠ | ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ ᠢ ᠵᠢᠷᠤᠮᠵᠢᠭᠤᠯᠤᠨ ᠴᠢᠩᠭ᠎ᠠ ᠬᠡᠷᠡᠭᠵᠢᠭᠦᠯᠵᠦ᠂ ᠡᠯ᠎ᠡ ᠱᠠᠲᠤᠨ ᠤ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠬᠢᠨᠠᠨ ᠵᠥᠪᠰᠢᠶᠡᠷᠡᠬᠦ ᠳᠣᠮᠲᠠ ᠲᠣᠪᠣᠶᠢᠮ᠎ᠠ ᠠᠰᠠᠭᠤᠳᠠᠯ ᠢ | ᠰᠢᠰᠲ᠋ᠧᠮᠵᠢᠭᠦᠯᠦᠨ ᠵᠠᠰᠠᠬᠤ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠳᠥᠭᠦᠮ | ᠳᠥᠲᠡ᠂ ᠬᠦᠴᠦᠲᠡᠢ᠂ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠩᠭᠤ ᠶᠢᠨ ᠬᠢᠨᠠᠨ ᠵᠥᠪᠰᠢᠶᠡᠷᠡᠬᠦ ᠳᠦᠷᠢᠮ ᠢ | ᠪᠠᠶᠢᠭᠤᠯᠤᠨ ᠪᠦᠷᠢᠨᠰᠢᠭᠦᠯᠦᠨ᠎ᠡ᠃ ᠢᠯᠡ ᠲᠣᠳᠣ ᠳᠦᠷᠢᠮ ᠲᠣᠭᠲᠠᠭᠠᠯ ᠪᠠ ᠳᠦᠷᠢᠮ ᠢ ᠪᠠᠶᠢᠭᠤᠯᠤᠨ ᠪᠦᠷᠢᠨᠰᠢᠭᠦᠯᠵᠦ | ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠮᠡᠳᠡᠭᠡ ᠵᠠᠩᠭᠢ ᠶᠢ ᠴᠠᠭ ᠲᠤᠬᠠᠢ ᠳᠤᠨᠢ | ᠨᠡᠶᠢᠲᠡᠯᠡᠨ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠪᠠ ᠬᠠᠮᠢᠶ᠎ᠠ ᠪᠦᠬᠦᠢ ᠱᠠᠭᠠᠷᠳᠠᠯᠭ᠎ᠠ ᠶᠢ | ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ ᠴᠢᠨᠠᠷ ᠪᠠ ᠵᠥᠩᠨᠡᠵᠦ ᠪᠣᠯᠬᠤᠶᠢᠴᠠ ᠴᠢᠨᠠᠷ ᠢ | ᠦᠨᠡᠨᠬᠦ ᠪᠠᠲᠤᠯᠠᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠢ ᠨᠡᠮᠡᠭᠳᠡᠭᠦᠯᠦᠨ᠎ᠡ᠃ | ᠪᠠᠶᠢᠭᠤᠯᠭ᠎ᠠ ᠶᠢᠨ ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠵᠤ᠂ ᠠᠵᠤ ᠠᠬᠤᠶᠢᠯᠠᠯ ᠤᠨ ᠪᠣᠳᠠᠲᠠᠢ ᠠᠵᠢᠯ | ᠶᠠᠪᠤᠳᠠᠯ ᠰᠢᠢᠳᠪᠦᠷᠢᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠢᠳᠡᠪᠬᠢᠲᠡᠢ ᠪᠠᠷ ᠰᠢᠢᠳᠪᠦᠷᠢᠯᠡᠵᠦ᠂ ᠵᠠᠰᠠᠭ ᠤᠨ | ᠣᠷᠳᠣᠨ ᠪᠠ ᠠᠵᠤ ᠠᠬᠤᠶᠢᠯᠠᠯ ᠤᠨ ᠨᠡᠪᠲᠡᠷᠡᠬᠦ ᠵᠠᠮ ᠢ ᠰᠢᠯᠣᠭᠤᠳᠬᠠᠨ᠂ ᠠᠵᠤ ᠠᠬᠤᠶᠢᠯᠠᠯ ᠳᠤ ᠦᠢᠯᠡᠴᠢᠯᠡᠬᠦ ︽ | ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠠᠵᠤ ᠠᠬᠤᠶᠢᠯᠠᠯ ᠪᠠ ᠤᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠢᠯᠡ ᠪᠠᠷ ᠠᠮᠠᠯᠳᠠᠪᠠ᠃ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠦᠢ ᠬᠠᠢ ᠢᠩ ᠨᠡᠶᠢᠭᠡᠮ ᠨᠡᠶᠢᠲᠡ ᠳᠤ 2024 ᠣᠨ ᠳᠤ | ᠲᠦᠷᠦᠭᠦᠯᠡᠨ ᠠᠬᠢᠭᠤᠯᠤᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠰᠢᠨ᠎ᠡ ᠶᠢ | ᠡᠭᠦᠳᠬᠦ ᠰᠢᠪᠳᠣᠯᠣᠯᠲᠠ ᠶᠢᠨ ᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠷᠭᠡ ᠶᠢᠨ ᠭᠦᠢᠴᠡᠳᠬᠡᠯ | ᠲᠤᠭ᠎ᠠ ᠶᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠭᠤᠯᠣᠨ᠎ᠠ᠃ ︽ᠰᠦᠯᠵᠢᠶᠡᠨ ᠳᠡᠭᠡᠷ᠎ᠡ ᠭᠦᠢᠴᠡᠳᠬᠡᠬᠦ | ᠭᠦᠨᠴᠡ︾ ᠶᠢ ᠥᠷᠭᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠶᠢ | ᠦᠷᠭᠦᠯᠵᠢᠯᠡᠨ ᠡᠮᠬᠢᠯᠡᠵᠦ ᠬᠥᠳᠡᠯᠦᠩᠭᠦᠢ ᠪᠠᠷ ᠰᠢᠨᠡᠳᠬᠡᠵᠦ᠂ ᠪᠥᠬᠦ ᠬᠤᠰᠢᠭᠤᠨ ᠤ 46 ᠨᠢᠭᠡᠴᠡ ᠶᠢᠨ 1728 | ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ | ᠨᠣᠷᠮ᠎ᠠ ᠶᠢ 100% ᠬᠦᠷᠭᠡᠵᠦ᠂ ᠪᠥᠬᠦ ᠶᠠᠪᠤᠴᠠ ᠳᠤ ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠠ ᠶᠢ 75% | ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠣᠷᠤᠭ ᠤᠨ ᠳᠠᠩᠰᠠᠯᠠᠯᠲᠠ᠂ ᠦᠷᠡᠵᠢᠯ ᠤᠨ ᠳᠠᠩᠰᠠᠯᠠᠯᠲᠠ᠂ ᠠᠵᠢᠯ | ᠣᠯᠵᠤ ᠠᠳᠠᠯ ᠦᠢᠯᠡᠰ ᠴᠣᠭᠴᠠᠯᠠᠬᠤ᠂ ᠡᠷᠦᠬᠡ ᠠᠮᠠ ᠶᠢᠨ ᠲᠠᠩᠰᠠ ᠰᠢᠯᠵᠢᠭᠦᠯᠬᠦ᠂ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠵᠡᠷᠭᠡ 6 ᠵᠦᠢᠯ ᠤᠨ ᠡᠯᠧᠺᠲᠷᠣᠨ ᠦᠨᠡᠮᠯᠡᠯ ᠢ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠡᠶᠢᠯᠡᠭᠦᠯᠦᠨ ᠬᠡᠷᠡᠭᠯᠡᠬᠦ ᠶᠢ ᠠᠬᠢᠭᠤᠯᠵᠤ᠂ ᠭᠤᠶᠤᠴᠢᠯᠠᠬᠤ | ᠮᠠᠲ᠋ᠧᠷᠢᠶᠠᠯ ᠢ ᠪᠥᠬᠦ ᠶᠠᠪᠤᠴᠠ ᠳᠤ ᠡᠯᠧᠺᠲᠷᠤᠨᠴᠢᠯᠠᠨ ᠡᠷᠭᠢᠯᠳᠦᠭᠦᠯᠦᠨ᠎ᠡ᠃ ᠪᠠᠩᠬᠢ᠂ ᠰᠢᠤᠳᠠᠨ᠂ ᠴᠠᠬᠢᠯᠭᠠᠨ | ᠬᠤᠯᠪᠣᠭ᠎ᠠ ᠵᠡᠷᠭᠡ ᠭᠤᠷᠪᠠᠳᠠᠭᠢ ᠡᠲᠡᠭᠡᠳ ᠯᠦᠭᠡ ᠢᠳᠡᠪᠬᠢᠲᠡᠢ ᠪᠠᠷ ᠬᠠᠮᠲᠤᠷᠠᠯᠴᠠᠵᠤ᠂ ᠵᠠᠰᠠᠭ ᠤᠨ ᠣᠷᠳᠣᠨ | ᠪᠠᠩᠬᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠶᠢ ᠡᠮᠬᠢᠯᠡᠨ ᠨᠡᠶᠢᠲᠡᠯᠡᠵᠦ᠂ ᠨᠠᠩ | ᠣᠯᠠᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠯᠠᠨ ᠲᠠᠯ᠎ᠠ ᠪᠠᠷ | ᠭᠦᠢᠴᠡᠳᠬᠡᠵᠦ ᠪᠣᠯᠬᠤ᠂ ᠣᠶᠢᠷ᠎ᠠ ᠬᠠᠪᠢ ᠳᠠᠭᠠᠨ ᠭᠦᠢᠴᠡᠳᠬᠡᠵᠦ ᠳᠡᠶᠢᠯᠬᠦ ᠶᠢ ᠠᠬᠢᠭᠤᠯᠤᠨ᠎ᠠ᠃ ︽ᠣᠷᠣᠨ ᠪᠦᠰᠡ | ᠠᠯᠤᠰᠯᠠᠨ ᠨᠡᠶᠢᠳᠡᠮ ᠭᠦᠢᠴᠡᠳᠭᠡᠬᠦ︾ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ | ᠣᠷᠣᠨ ᠪᠦᠰᠡ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠤᠴᠢᠷ ᠶᠠᠪᠤᠳᠠᠯ ᠢ ᠭᠦᠢᠴᠡᠳᠬᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ︽ᠣᠯᠠᠨ ᠭᠠᠵᠠᠷ ᠢᠶᠠᠷ ᠭᠦᠶᠦᠯᠭᠡᠬᠦ︾ | ︽ᠳᠠᠬᠢᠨ ᠳᠣᠪᠲᠠᠨ ᠭᠦᠶᠦᠯᠭᠡᠵᠦ︾ ᠪᠠᠶᠢᠭ᠎ᠠ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ︽12345︾ | ᠶᠢᠨ ᠬᠠᠯᠠᠮ ᠤᠲᠠᠰᠤ ᠶᠢᠨ ︽ᠬᠦᠰᠡᠯ ᠱᠠᠭᠠᠷᠳᠠᠯᠭ᠎ᠠ ᠶᠢ ᠰᠢᠯᠵᠢᠭᠦᠯᠬᠦ᠂ ᠥᠨᠳᠥᠷ ᠦᠷ᠎ᠡ ᠪᠦᠲᠦᠮᠵᠢ ᠲᠠᠢ ᠪᠠᠷ | ᠰᠢᠭᠤᠳ ᠬᠦᠷᠭᠡᠬᠦ︾ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠠᠩᠬ᠎ᠠ ᠬᠦᠯᠢᠶᠠᠨ ᠠᠪᠬᠤ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠤᠨ ᠬᠠᠭᠤᠳᠠᠰᠤ ᠶᠢᠨ ᠰᠢᠢᠳᠪᠦᠷᠢᠯᠡᠬᠦ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢᠲᠠᠶ | ᠪᠠᠶᠢᠬᠤ ᠨᠣᠷᠮ᠎ᠠ ᠶᠢ 95% ᠠᠴᠠ ᠳᠡᠭᠡᠭᠰᠢ ᠬᠦᠷᠦᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ | ᠵᠦᠢᠯᠡᠰ ᠢ ᠨᠢᠭᠡ ᠤᠳᠠᠭ᠎ᠠ ᠶᠢᠨ ᠴᠢᠨᠠᠷᠲᠠᠢ ᠪᠠᠷ ᠰᠢᠢᠳᠪᠦᠷᠢᠯᠡᠬᠦ ᠨᠣᠷᠮ᠎ᠠ ᠶᠢ 95% ᠠᠴᠠ ᠳᠡᠭᠡᠭᠰᠢ | ᠬᠦᠷᠦᠭᠦᠯᠬᠦ ᠪᠠᠷ ᠴᠢᠷᠮᠠᠶᠢᠨ᠎ᠠ ᠭᠡᠵᠦ ᠢᠯᠡ ᠪᠠᠷ ᠠᠮᠠᠯᠳᠠᠪᠠ᠃ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ ᠸᠠᠩ ᠾᠧ ᠮᠢᠨ ᠨᠡᠶᠢᠭᠡᠮ ᠳᠤ ᠬᠤᠳᠠᠯᠳᠤᠭᠠᠨ ᠤ ᠶᠠᠪᠤᠳᠠᠯ ᠤᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠂ ᠠᠵᠢᠯ ᠶᠠᠪᠤᠳᠠᠯ ᠭᠦᠢᠴᠡᠳᠬᠡᠬᠦ ᠲᠠᠰ ᠳᠠᠷᠠᠭᠠᠯᠠᠯ ᠢ ᠴᠣᠮᠬᠠᠳᠬᠠᠨ᠂ | ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠴᠠᠭ | ᠬᠤᠭᠤᠴᠠᠭ᠎ᠠ ᠶᠢ ᠪᠠᠭᠠᠰᠬᠠᠨ᠂ ᠠᠵᠤ ᠠᠬᠤᠶᠢᠯᠠᠯ ᠤᠨ ᠭᠦᠢᠴᠡᠳᠬᠡᠬᠦ ᠴᠢᠬᠤᠯᠠᠲᠠᠢ ᠵᠥᠪᠰᠢᠶᠡᠷᠡᠯ ᠤᠨ ᠵᠦᠢᠯᠡᠰ ᠵᠢᠴᠢ | ᠭᠤᠶᠤᠴᠢᠯᠠᠬᠤ ᠮᠠᠲ᠋ᠧᠷᠢᠶᠠᠯ ᠢ ᠨᠢᠭᠡ ᠯᠡ ᠤᠳᠠᠭ᠎ᠠ ᠳᠤ ᠮᠡᠳᠡᠭᠳᠡᠵᠦ᠂ ᠬᠠᠤᠯᠢ ᠪᠠᠷ ᠲᠣᠭᠲᠠᠭᠠᠭᠰᠠᠨ ᠬᠡᠯᠪᠡᠷᠢ ᠳᠤ | ᠨᠡᠶᠢᠴᠡᠬᠦ ᠠᠵᠤ ᠠᠬᠤᠶᠢᠯᠠᠯ ᠤᠨ ᠳᠠᠩᠰᠠᠯᠠᠭᠤᠯᠬᠤ ᠭᠤᠶᠤᠴᠢᠯᠠᠯ ᠢ ᠲᠤᠬᠠᠢ ᠶᠢᠨ ᠲᠠᠯᠠᠪᠤᠷ ᠲᠤᠨᠢ ᠭᠥᠯᠢᠶᠡᠨ ᠠᠪᠴᠤ | ᠰᠢᠢᠳᠪᠦᠷᠢᠯᠡᠵᠦ᠂ ᠭᠥᠯᠢᠶᠡᠨ ᠠᠪᠴᠤ ᠰᠢᠢᠳᠪᠦᠷᠢᠯᠡᠭᠰᠡᠨ ᠴᠠᠭ ᠠᠴᠠ ᠡᠬᠢᠯᠡᠨ 0.5 ᠠᠵᠢᠯᠯᠠᠬᠤ ᠡᠳᠦᠷ ᠤᠨ | ᠳᠣᠲᠣᠷ᠎ᠠ ᠬᠢᠨᠠᠨ ᠵᠥᠪᠰᠢᠶᠡᠷᠡᠵᠦ ᠭᠦᠢᠴᠡᠳᠬᠡᠬᠦ ᠶᠢ ᠪᠡᠶᠡᠯᠡᠭᠦᠯᠦᠨ᠎ᠡ᠃ ︽ᠢᠲᠡᠭᠡᠮᠵᠢ + ᠲᠦᠭᠰᠢᠭᠦᠷᠢ︾ ᠶᠢ ᠲᠠᠰ | ᠲᠥᠷᠥᠯ ᠬᠤᠪᠢᠶᠠᠨ ᠬᠢᠨᠠᠨ ᠬᠠᠮᠢᠶᠠᠷᠬᠤ ᠪᠠᠷᠢᠮᠵᠢᠶ᠎ᠠ ᠶᠢ ᠪᠠᠶᠢᠭᠤᠯᠵᠤ᠂ ᠠᠳᠠᠯᠢ ᠪᠤᠰᠤ ᠲᠠᠰ ᠳᠠᠪᠬᠤᠷᠭ᠎ᠠ ᠶᠢᠨ ᠬᠢᠨᠠᠨ | ᠬᠠᠮᠢᠶᠠᠷᠬᠤ ᠡᠲᠡᠭᠡᠳ ᠲᠤ ᠴᠢᠭᠯᠡᠭᠦᠯᠦᠨ᠂ ᠪᠠᠶᠢᠴᠠᠭᠠᠬᠤ ᠬᠠᠷᠢᠴᠠᠯ ᠪᠠ ᠳᠠᠪᠲᠠᠮᠵᠢ ᠶᠢ ᠵᠦᠢ ᠵᠣᠬᠢᠰᠲᠠᠢ ᠲᠣᠭᠲᠠᠭᠠᠵᠤ | ᠂ ᠵᠦᠷᠢᠶᠡᠴᠢᠯᠡᠭᠰᠡᠨ ᠣᠨᠣᠴᠠᠲᠠᠢ ᠪᠠᠷ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠤᠰᠤ᠂ ᠬᠡᠢ᠂ ᠢᠯᠴᠢ ᠵᠡᠷᠭᠡ | ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠯᠲᠠ ᠶᠢᠨ ︽ | ᠬᠠᠷᠠᠭᠤᠯ ᠤᠨ ᠭᠠᠵᠠᠷ︾ ᠤᠨ ᠬᠢᠨᠠᠨ ᠬᠡᠮᠵᠢᠬᠦ ᠵᠠᠭᠪᠤᠷ ᠢ ᠬᠡᠷᠡᠭᠵᠢᠭᠦᠯᠦᠨ᠎ᠡ︔ ᠭᠤᠣᠯᠴᠢ ᠪᠠᠷ ᠥᠷᠢᠰᠦᠯᠳᠦᠬᠦ ᠶᠢ | ᠬᠢᠨᠠᠨ ᠪᠠᠶᠢᠴᠠᠭᠠᠬᠤ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠬᠤ ᠪᠢᠴᠢᠭ | ᠮᠠᠲ᠋ᠧᠷᠢᠶᠠᠯ ᠤᠨ ︽ᠨᠢᠭᠡ ᠵᠦᠢᠯ ᠳᠤ ᠨᠢᠭᠡ ᠪᠠᠶᠢᠴᠠᠭᠠᠯᠲᠠ ᠬᠢᠬᠦ︾ ᠳᠦᠷᠢᠮ ᠢ ᠬᠡᠷᠡᠭᠵᠢᠭᠦᠯᠵᠦ᠂ ᠨᠢᠭᠡᠳᠦᠯᠲᠡᠢ ᠵᠠᠬ᠎ᠠ | ᠳᠡᠯᠭᠡᠭᠦᠷ ᠪᠠ ᠭᠤᠣᠯᠴᠢ ᠪᠠᠷ ᠥᠷᠢᠰᠦᠯᠳᠦᠬᠦ ᠶᠢ ᠬᠠᠷᠰᠢᠯᠠᠬᠤ ᠬᠦᠴᠦᠨ ᠵᠦᠢᠯ ᠢ ᠠᠷᠢᠯᠭᠠᠨ᠎ᠠ᠃ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠳᠠᠯ ᠬᠠᠭᠤᠷᠮᠠᠭ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠶᠢ | ᠬᠠᠤᠯᠢ ᠪᠠᠷ ᠴᠤᠬᠢᠯᠲᠠ ᠥᠭᠭᠦᠨ᠎ᠡ ᠭᠡᠵᠦ ᠢᠯᠡ ᠪᠠᠷ ᠠᠮᠠᠯᠳᠠᠪᠠ᠃ | ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠵᠠᠷᠤᠳ ᠬᠤᠰᠢᠭᠤᠨ ᠤ | ᠬᠤᠪᠢᠶᠠᠷᠢ ᠲᠥᠪ ᠤᠨ ᠡᠷᠬᠢᠯᠡᠭᠴᠢ ᠰᠥᠩ ᠺᠦᠨ ᠫᠧᠩ ᠨᠡᠶᠢᠭᠡᠮ ᠨᠡᠶᠢᠲᠡ ᠳᠤ ᠮᠡᠳᠡᠭᠡ ᠵᠠᠩᠭᠢ ᠶᠢᠨ ᠢᠯᠡ | ᠨᠡᠶᠢᠲᠡᠯᠡᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠂ ︽9 ᠲᠥᠷᠥᠯ ᠵᠦᠢᠯ + 1 ᠬᠡᠪᠯᠡᠯ + 2 ᠲᠥᠷᠥᠯ ᠤᠨ | ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ︾ ᠤᠨ ᠲᠠᠪᠴᠠᠩ ᠳᠤ ᠣᠷᠤᠭ᠎ᠠ ᠦᠭᠡᠢ ᠠᠷᠠᠯᠵᠢᠶᠠᠨ ᠤ ᠲᠥᠷᠥᠯ ᠵᠦᠢᠯ ᠢ | ᠲᠣᠭᠲᠠᠭᠰᠠᠨ ᠬᠤᠭᠤᠴᠠᠭᠠᠨ ᠳᠤ ᠲᠠᠪᠴᠠᠩ ᠳᠤ ᠣᠷᠣᠭᠤᠯᠤᠨ ᠠᠷᠠᠯᠵᠢᠶᠠᠯᠠᠬᠤ ᠶᠢ ᠭᠤᠣᠯᠳᠠᠯᠭ᠎ᠠ ᠲᠠᠢ ᠠᠬᠢᠭᠤᠯᠵᠤ᠂ | ᠪᠥᠬᠦ ᠬᠤᠰᠢᠭᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠭᠠᠵᠠᠷ ᠰᠢᠷᠣᠢ ᠶᠢᠨ ᠫᠠᠶᠢᠰᠠ ᠡᠯᠭᠦᠬᠦ᠂ ᠤᠯᠤᠰ ᠤᠨ ᠥᠮᠴᠢᠯᠡᠯ ᠤᠨ ᠥᠮᠴᠢᠯᠡᠬᠦ ᠡᠷᠬᠡ ᠵᠡᠷᠭᠡ ᠠᠷᠠᠯᠵᠢᠶᠠᠨ ᠤ | ᠮᠡᠳᠡᠭᠡ ᠵᠠᠩᠭᠢ ᠶᠢ ᠨᠢᠭᠡ ᠰᠦᠯᠵᠢᠶ᠎ᠡ ᠪᠠᠷ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠳᠠᠭᠠᠭᠠᠴᠢᠯᠠᠯᠲᠠ | ᠰᠢᠯᠭᠠᠷᠠᠭᠤᠯᠬᠤ ᠬᠢᠨᠠᠨ ᠲᠣᠭᠲᠠᠭᠠᠬᠤ ᠠᠬᠤᠢ ᠲᠠᠯᠠᠪᠠᠶ ᠶᠢ ᠵᠢᠷᠤᠮᠵᠢᠭᠤᠯᠵᠤ᠂ ᠳᠠᠭᠠᠭᠠᠴᠢᠯᠠᠯᠲᠠ ᠵᠠᠷᠯᠠᠭᠴᠢ᠂ | ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠢ ᠮᠡᠷᠭᠡᠵᠢᠯᠲᠡᠨ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠭᠡᠷᠡᠴᠢᠯᠡᠭᠴᠢ ᠶᠢᠨ ᠲᠠᠪᠤᠨ ᠲᠠᠯ᠎ᠠ ᠶᠢᠨ ᠹᠢᠽᠢᠺ ᠤᠨ | ᠲᠤᠰᠠᠭᠠᠷᠯᠠᠯ ᠢ ᠪᠡᠶᠡᠯᠡᠭᠦᠯᠵᠦ᠂ ᠳᠠᠭᠠᠭᠠᠴᠢᠯᠠᠯᠲᠠ ᠰᠢᠯᠭᠠᠷᠠᠭᠤᠯᠬᠤ ᠳᠡᠳ᠋ ᠲᠠᠯᠠᠪᠤᠷ᠂ ᠳᠠᠭᠠᠭᠠᠴᠢᠯᠠᠯᠲᠠ | ᠰᠢᠯᠭᠠᠷᠠᠭᠤᠯᠬᠤ ᠲᠤᠰᠬᠠᠢ ᠮᠡᠷᠭᠡᠵᠢᠯᠲᠡᠨ᠂ ᠳᠠᠭᠠᠭᠠᠴᠢᠯᠠᠯᠲᠠ ᠰᠢᠯᠭᠠᠷᠠᠭᠤᠯᠬᠤ ᠮᠠᠰᠢᠨ ᠤ ᠪᠠᠶᠢᠷᠢ ᠶᠢ | ᠲᠣᠬᠢᠶᠠᠯᠳᠤᠯ ᠢᠶᠠᠷ ᠰᠣᠩᠭᠤᠨ ᠠᠪᠬᠤ ᠶᠢ ᠬᠡᠷᠡᠭᠵᠢᠭᠦᠯᠦᠨ᠂ ᠵᠣᠷᠢᠭᠤᠳᠠ ᠬᠠᠷᠰᠢᠯᠠᠬᠤ ᠶᠢ ᠡᠷᠡᠰ ᠲᠡᠪᠴᠢᠬᠦ ᠬᠡᠷᠡᠭᠲᠡᠢ | ᠃ ᠰᠠᠨᠠᠭᠠᠴᠢᠯᠠᠭ᠎ᠠ ᠠᠴᠠ ᠪᠠᠨ ᠪᠠᠩᠬᠢ ᠪᠠ ᠠᠵᠤ ᠠᠬᠤᠶᠢᠯᠠᠯ ᠳᠤ ᠦᠢᠯᠡᠴᠢᠯᠡᠭᠡᠨ ᠤ ᠲᠠᠪᠴᠠᠩ ᠪᠠᠶᠢᠭᠤᠯᠤᠨ ᠥᠭᠴᠦ | ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ︔ ᠳᠠᠭᠠᠭᠠᠴᠢᠯᠠᠯᠲᠠ | ᠬᠦᠯᠢᠶᠡᠬᠦ ᠡᠯᠧᠺᠲᠷᠣᠨ ᠪᠠᠲᠤᠯᠠᠭ᠎ᠠ ᠶᠢᠨ ᠪᠢᠴᠢᠭ ᠤᠨ ᠬᠡᠷᠡᠭᠯᠡᠯᠲᠡ ᠶᠢ ᠳᠡᠯᠭᠡᠷᠡᠭᠦᠯᠬᠦ ᠪᠠ ᠳᠠᠭᠠᠭᠠᠴᠢᠯᠠᠯᠲᠠ ᠬᠦᠯᠢᠶᠡᠬᠦ | ᠪᠠᠲᠤᠯᠠᠭ᠎ᠠ ᠶᠢᠨ ᠮᠥᠩᠭᠦ ᠶᠢ ᠵᠦᠷᠢᠶᠡᠴᠢᠯᠡᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ | ᠠᠬᠤᠶᠢᠯᠠᠯ ᠤᠨ ᠪᠡᠯᠡ ᠮᠥᠩᠭᠦ ᠶᠢᠨ ᠳᠠᠷᠤᠯᠲᠠ ᠶᠢ ᠬᠥᠩᠭᠡᠷᠡᠭᠦᠯᠦᠨ᠎ᠡ︔ ᠠᠷᠠᠯᠵᠢᠶᠠᠨ ᠤ ᠰᠢᠰᠲ᠋ᠧᠮ ᠤᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠭᠠᠷ ᠤᠨ ᠥᠰᠥᠭ ᠵᠢᠷᠤᠵᠤ ᠳᠠᠭᠠᠭᠠᠴᠢᠯᠠᠯᠲᠠ ᠣᠯᠣᠭᠰᠠᠨ | ᠮᠡᠳᠡᠭᠳᠡᠯ ᠤᠨ ᠪᠢᠴᠢᠭ ᠪᠠ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ ᠪᠠᠷᠢᠯᠭ᠎ᠠ ᠪᠠᠷᠢᠬᠤ ᠭᠡᠷ᠎ᠡ ᠶᠢᠨ ᠴᠠᠭ | ᠬᠤᠭᠤᠴᠠᠭᠠᠨ ᠤ ᠵᠠᠩᠭᠢᠶᠠᠰᠤ ᠶᠣᠰᠣᠭᠠᠷ᠂ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠠᠶᠠᠨᠳᠠᠭᠠᠨ ︽ | ᠳᠠᠷᠤᠢ ᠳᠤᠨᠢ ᠪᠤᠴᠠᠭᠠᠬᠤ︾ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠪᠡᠯᠡ ᠮᠥᠩᠭᠦ ᠶᠢ ᠡᠵᠡᠯᠡᠨ ᠬᠡᠷᠡᠭᠯᠡᠬᠦ | ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠨ᠎ᠠ᠃ ᠣᠯᠠᠨ ᠤᠳᠠᠭ᠎ᠠ᠂ ᠪᠠᠭ᠎ᠠ ᠲᠤᠭ᠎ᠠ ᠬᠡᠮᠵᠢᠶ᠎ᠡ ᠪᠠᠷ ᠬᠤᠳᠠᠯᠳᠤᠨ | ᠠᠪᠬᠤ ᠠᠵᠢᠯᠯᠠᠭ᠎ᠠ ᠶᠢ ᠵᠢᠷᠤᠮᠵᠢᠭᠤᠯᠵᠤ᠂ ᠪᠦᠳᠦᠭᠦᠪᠴᠢ ᠬᠡᠯᠡᠯᠴᠡᠭᠡᠷ ᠢᠶᠠᠷ ᠬᠤᠳᠠᠯᠳᠤᠨ ᠠᠪᠬᠤ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠠᠯᠵᠢᠶ᠎ᠠ ᠶᠢᠨ ᠥᠪᠡᠷ ᠤᠨ ᠥᠷᠲᠡᠭ ᠢ | ᠪᠠᠭᠤᠷᠠᠭᠤᠯᠤᠨ᠎ᠠ᠃ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ | ᠴᠠᠷᠠᠭ᠎ᠠ ᠳᠤ᠂ ᠪᠣᠶ ᠪᠦᠬᠦᠢ ᠲᠥᠷᠥᠯ ᠵᠦᠢᠯ ᠳᠤ ᠨᠢᠭᠤᠷ ᠵᠣᠯᠭᠠᠬᠤ ᠦᠭᠡᠢ ᠪᠠᠷ ᠳᠠᠭᠠᠭᠠᠴᠢᠯᠠᠯᠲᠠ ᠨᠡᠶᠢᠲᠡᠯᠡᠬᠦ᠂ | ᠠᠯᠤᠰ ᠠᠴᠠ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ | ᠶᠠᠪᠤᠴᠠ ᠶᠢ ᠭᠤᠷᠪᠠᠨ 100% ᠪᠠᠷ ᠡᠯᠧᠺᠲᠷᠤᠨᠴᠢᠯᠡᠨᠡ︔ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠠᠰᠠᠭ | ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠤᠯᠪᠤᠭᠠᠯᠠᠨ ᠠᠷᠠᠯᠵᠢᠶ᠎ᠠ ᠶᠢᠨ ᠠᠵᠢᠯᠯᠠᠭ᠎ᠠ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠠᠭᠠᠭᠠᠴᠢᠯᠠᠯᠲᠠ ᠶᠢ ᠬᠦᠷᠢᠶᠡᠯᠡᠨ ᠳᠠᠭᠠᠭᠠᠴᠢᠯᠠᠯᠲᠠ ᠲᠠᠢ ᠰᠦᠯᠪᠡᠭᠡᠯᠡᠬᠦ | ᠂ ᠬᠤᠳᠠᠯ ᠬᠠᠭᠤᠷᠮᠠᠭ ᠢᠶᠠᠷ ᠦᠨ᠎ᠡ ᠮᠡᠳᠡᠭᠦᠯᠬᠦ ᠵᠡᠷᠭᠡ ᠵᠦᠢ ᠪᠤᠰᠤ ᠥᠷᠢᠰᠦᠯᠳᠦᠭᠡᠨ ᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠲᠥᠪ ᠭᠤᠥᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ | ᠬᠠᠮᠠᠭᠠᠯᠠᠨ᠎ᠠ ᠭᠡᠵᠦ ᠢᠯᠡ ᠪᠠᠷ ᠠᠮᠠᠯᠳᠠᠪᠠ᠃ | ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ | ᠳᠠᠷᠤᠭ᠎ᠠ ᠸᠠᠩ ᠶᠠ ᠵᠢᠶᠦ᠋ᠨ ᠨᠡᠶᠢᠭᠡᠮ ᠨᠡᠶᠢᠲᠡ ᠳᠤ ᠭᠡᠷᠡᠴᠢ ᠶᠢ ᠬᠠᠰᠤᠵᠤ ᠠᠷᠠᠳ ᠲᠤ ᠲᠥᠬᠦᠮ ᠦᠵᠡᠭᠦᠯᠵᠦ᠂ ︽ | ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠡᠵᠡᠩᠨᠡᠭᠴᠢ ᠶᠢᠨ ᠪᠡᠶ᠎ᠡ ᠶᠢᠨ ᠦᠨᠡᠮᠯᠡᠯ︾ ᠵᠡᠷᠭᠡ 12 ᠵᠦᠢᠯ ᠤᠨ | ᠭᠠᠶᠢᠯᠢ ᠶᠢᠨ ᠶᠠᠪᠤᠳᠠᠯ ᠤᠨ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ᠂ | ᠰᠢᠨ᠎ᠡ ᠪᠠᠷ ᠭᠠᠷᠭᠠᠬᠤ ᠭᠡᠷᠡᠴᠢᠯᠡᠬᠦ ᠵᠦᠢᠯᠡᠰ ᠢ ᠴᠢᠩᠭ᠎ᠠ ᠬᠢᠵᠠᠭᠠᠷᠯᠠᠵᠤ᠂ ᠭᠠᠶᠢᠯᠢ ᠲᠤᠰᠢᠶᠠᠭᠴᠢ ᠶᠢ ᠭᠠᠶᠢᠯᠢ ᠶᠢᠨ | ᠶᠠᠪᠤᠳᠠᠯ ᠤᠨ ᠵᠦᠢᠯᠡᠰ ᠢ ᠭᠦᠢᠴᠡᠳᠬᠡᠬᠦ ᠠᠴᠠ ᠡᠮᠦᠨ᠎ᠡ ᠥᠪᠡᠷ ᠢᠶᠠᠨ ᠰᠢᠯᠭᠠᠨ ᠪᠠᠶᠢᠴᠠᠭᠠᠵᠤ᠂ ᠭᠡᠷᠡᠴᠢᠯᠡᠬᠦ ᠶᠢ | ᠱᠠᠭᠠᠷᠳᠠᠬᠤ ᠦᠭᠡᠢ᠃ ᠳᠤᠲᠠᠭᠤ ᠶᠢ ᠵᠦᠪᠰᠢᠶᠡᠷᠡᠬᠦ ᠭᠠᠷ ᠭᠦᠢᠴᠡᠳᠬᠡᠯ ᠢ ᠰᠠᠶᠢᠲᠤᠷ ᠬᠢᠵᠦ᠂ ᠭᠠᠶᠢᠯᠢ | ᠲᠤᠰᠢᠶᠠᠭᠴᠢ ᠶᠢᠨ ᠬᠠᠳᠠᠭᠠᠯᠠᠮᠵᠢ ᠶᠢᠨ ᠲᠠᠩᠰᠠᠨ ᠡᠷᠦᠬᠡ ᠶᠢᠨ ᠲᠠᠩᠰᠠᠨ ᠨᠣᠮᠧᠷ ᠵᠡᠷᠭᠡ 8 ᠵᠦᠢᠯ ᠤᠨ | ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ᠂ ᠭᠤᠣᠯ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ ᠬᠠᠤᠯᠢ ᠪᠠᠷ | ᠲᠣᠭᠲᠠᠭᠠᠭᠰᠠᠨ ᠬᠡᠯᠪᠡᠷᠢ ᠳᠤ ᠨᠡᠶᠢᠴᠡᠪᠡᠯ᠂ ᠤᠷᠢᠳ ᠢᠶᠠᠷ ᠭᠦᠢᠴᠡᠳᠬᠡᠵᠦ ᠪᠣᠯᠣᠨ᠎ᠠ᠂ ᠴᠢᠬᠤᠯᠠ ᠪᠣᠰᠤ | ᠮᠠᠲ᠋ᠧᠷᠢᠶᠠᠯ ᠳᠤ ᠳᠤᠲᠠᠭᠤ ᠶᠢ ᠵᠣᠪᠰᠢᠶᠠᠷᠭ᠍ᠰᠡᠨ ᠤ ᠳᠠᠷᠠᠭ᠎ᠠ ᠨᠥᠬᠦᠪᠦᠷᠢᠯᠡᠵᠦ ᠪᠣᠯᠣᠨ᠎ᠠ︔ ᠭᠠᠶᠢᠯᠢ ᠳᠤ | ᠬᠤᠯᠪᠣᠭᠳᠠᠬᠤ ᠳᠠᠪᠬᠤᠷᠳᠠᠭᠤᠯᠤᠨ ᠭᠦᠢᠴᠡᠳᠭᠡᠭᠰᠡᠨ ᠲᠤᠬᠠᠶᠢᠯᠠᠭᠰᠠᠨ ᠠᠵᠢᠯ ᠢ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠦᠯᠡᠳᠡᠭᠡᠨ ᠬᠠᠳᠠᠭᠠᠯᠠᠭᠰᠠᠨ ᠮᠠᠲ᠋ᠧᠷᠢᠶᠠᠯ ᠢ ᠠᠪᠴᠢᠷᠠᠵᠤ ᠦᠵᠡᠨ᠎ᠡ᠃ ᠡᠯᠧᠺᠲᠷᠣᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠮᠡᠳᠡᠭᠦᠯᠬᠦ ᠴᠢᠳᠠᠮᠵᠢ ᠶᠢ ᠰᠢᠯᠢᠳᠡᠭᠵᠢᠭᠦᠯᠵᠦ᠂ 24 ᠴᠠᠭ ᠲᠤ ᠪᠦᠬᠦᠯᠢ ᠡᠳᠦᠷ ᠢᠶᠠᠷ | ᠭᠥᠯᠢᠶᠡᠨ ᠠᠪᠴᠤ ᠰᠢᠢᠳᠪᠦᠷᠢᠯᠡᠵᠦ᠂ ᠨᠥᠬᠦᠴᠡᠯ ᠳᠤ ᠨᠡᠶᠢᠴᠡᠬᠦ ᠶᠢ ᠨᠢ ︽ᠨᠢᠭᠡ ᠳᠠᠷᠤᠪᠴᠢ ᠪᠠᠷ ᠵᠦᠪᠰᠢᠶᠡᠷᠡᠬᠦ︾ | ᠶᠢ ᠪᠡᠶᠡᠯᠡᠭᠦᠯᠵᠦ᠂ ᠪᠥᠬᠦ ᠲᠠᠯ᠎ᠠ ᠶᠢᠨ ᠲᠣᠭᠠᠴᠢᠯᠠᠭᠰᠠᠨ ᠡᠯᠧᠺᠲᠷᠣᠨ ᠪᠠᠷᠢᠮᠲᠠ ᠶᠢ ᠬᠡᠷᠡᠭᠯᠡᠬᠦ ᠶᠢ ᠬᠡᠷᠡᠭᠵᠢᠭᠦᠯᠦᠨ᠎ᠡ᠃ | ᠲᠡᠷᠡ ᠳᠠᠷᠤᠢ ᠳᠤᠨᠢ ᠲᠠᠲᠠᠪᠤᠷᠢᠯᠠᠵᠤ ᠲᠡᠷᠡ ᠳᠠᠷᠤᠢ ᠳᠤᠨᠢ ᠪᠤᠴᠠᠭᠠᠬᠤ᠂ ᠦᠯᠡᠳᠡᠭᠡᠨ ᠲᠤᠯᠭᠠᠨ ᠪᠤᠴᠠᠭᠠᠬᠤ ᠭᠠᠶᠢᠯᠢ᠂ | ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠠᠵᠢᠯ ᠢ ᠭᠦᠢᠴᠡᠳᠬᠡᠬᠦ ᠦᠷ᠎ᠡ ᠪᠦᠲᠦᠮᠵᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ ᠤᠨ ᠭᠠᠳᠠᠭᠠᠳᠤ ᠭᠠᠷᠭᠠᠯᠭ᠎ᠠ ᠶᠢᠨ ᠠᠵᠤ | ᠠᠬᠤᠶᠢᠯᠠᠯ ᠤᠨ ᠭᠠᠶᠢᠯᠢ ᠪᠤᠴᠠᠭᠠᠬᠤ ᠲᠤᠬᠠᠶᠢᠯᠠᠭᠰᠠᠨ ᠠᠵᠢᠯ ᠢ ᠦᠨᠡᠨ ᠬᠦ ᠪᠠᠲᠤᠯᠠᠵᠤ᠂ ᠭᠠᠶᠢᠯᠢ ᠶᠢᠨ ᠶᠠᠪᠤᠳᠠᠯ ᠤᠨ | ᠪᠥᠬᠦ ᠶᠠᠪᠤᠴᠠ ᠶᠢ 3 ᠠᠵᠢᠯᠯᠠᠬᠤ ᠡᠳᠦᠷ ᠤᠨ ᠳᠣᠲᠣᠷ᠎ᠠ ᠣᠷᠳᠣ ᠬᠤᠭᠤᠴᠠᠭ᠎ᠠ ᠪᠠᠷ ᠪᠠᠭᠠᠰᠬᠠᠨ᠎ᠠ ᠭᠡᠵᠦ ᠢᠯᠡ ᠪᠠᠷ | ᠠᠮᠠᠯᠳᠠᠪᠠ᠃ | ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠰᠢᠭᠦᠨ ᠲᠠᠰᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠵᠢᠶᠠᠨ ᠦ᠋ ᠨᠡᠶᠢᠭᠡᠮ ᠨᠡᠶᠢᠲᠡ ᠳᠤ | ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ︽ᠰᠠᠭᠠᠳ ᠦᠭᠡᠢ ᠨᠡᠪᠲᠡᠷᠡᠬᠦ ᠵᠠᠮ︾ ᠢ ᠦᠷᠭᠦᠯᠵᠢᠯᠡᠨ | ᠰᠠᠭᠠᠳ ᠦᠭᠡᠢ ᠨᠠᠪᠲᠠᠷᠡᠭᠦᠯᠵᠦ᠂ ᠲᠦᠷᠭᠡᠨ ᠬᠡᠷᠡᠭ ᠪᠣᠯᠭᠠᠨ ᠳᠠᠩᠰᠠᠯᠠᠬᠤ᠂ ᠲᠦᠷᠭᠡᠨ ᠰᠢᠭᠦᠨ ᠲᠠᠰᠣᠯᠠᠬᠤ᠂ | ᠲᠦᠷᠭᠡᠨ ᠭᠦᠢᠴᠡᠳᠭᠡᠬᠦ ᠶᠢ ᠦᠨᠡᠨᠬᠦ ᠪᠡᠶᠡᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠵᠠᠷᠭᠤ ᠶᠢᠨ ᠦᠢᠯᠡᠴᠢᠯᠡᠭᠡᠨ ᠤ ᠣᠷᠣᠨ ᠨᠤᠲᠤᠭ ᠤᠨ ᠪᠠᠷᠢᠮᠵᠢᠶ᠎ᠠ ᠶᠢ ᠪᠣᠶ ᠪᠣᠯᠭᠠᠬᠤ ᠶᠢ ᠠᠬᠢᠭᠤᠯᠵᠤ᠂ | ︽ᠳᠠᠩᠰᠠᠯᠠᠨ ᠮᠥᠷᠳᠡᠬᠦ + ᠬᠢᠨᠠᠯᠲᠠ ᠲᠠᠯᠪᠢᠵᠤ ᠦᠨᠳᠦᠰᠦᠨ ᠵᠦᠢᠯ ᠢ ᠪᠠᠲᠤᠯᠠᠬᠤ︾ ᠬᠠᠤᠯᠢ ᠴᠠᠭᠠᠵᠠ ᠶᠢᠨ ᠬᠢᠨᠠᠨ | ᠲᠣᠭᠲᠠᠭᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠠᠷᠠᠯᠵᠢᠶ᠎ᠠ ᠬᠤᠳᠠᠯᠳᠤᠭ᠎ᠠ ᠠᠵᠤ ᠠᠬᠤᠶᠢᠯᠠᠯ ᠳᠤ | ᠬᠤᠯᠪᠣᠭᠳᠠᠭᠰᠠᠨ ᠵᠠᠷᠭᠤ ᠶᠢᠨ ᠴᠠᠭ ᠤᠨ ᠥᠪᠡᠷ ᠤᠨ ᠦᠷᠲᠡᠭ ᠢ ᠠᠷᠪᠢᠯᠠᠨ᠎ᠠ︔ ︽ᠨᠢᠭᠡ ᠯᠡ ᠥᠷᠲᠡᠭᠡᠨ ᠤ | ᠮᠠᠶ᠋ᠢᠭ ᠪᠠᠷ ᠪᠠᠲᠣᠯᠠᠨ ᠬᠠᠮᠠᠭᠠᠯᠠᠬᠤ︾ ᠲᠣᠭᠲᠠᠴᠠ ᠶᠢ ᠪᠠᠶᠢᠭᠤᠯᠵᠤ᠂ ᠬᠡᠷᠡᠭ ᠢ ᠵᠠᠭᠠᠯᠳᠤᠬᠤ ᠠᠴᠠ ᠡᠮᠦᠨ᠎ᠡ ᠪᠠᠲᠣᠯᠠᠨ | ᠬᠠᠮᠠᠭᠠᠯᠠᠬᠤ᠂ ᠵᠠᠷᠭᠤ ᠶᠢᠨ ᠪᠠᠲᠣᠯᠠᠭ᠎ᠠ ᠶᠢ ᠴᠢᠩᠭᠠᠳᠬᠠᠵᠤ᠂ ᠪᠠᠲᠣᠯᠠᠨ ᠬᠠᠮᠠᠭᠠᠯᠠᠬᠤ ᠪᠠᠷ ᠡᠶᠡᠳᠡᠭᠦᠯᠬᠦ᠂ | ᠭᠦᠢᠴᠡᠳᠬᠡᠬᠦ᠂ ᠬᠡᠷᠡᠭᠵᠢᠭᠦᠯᠬᠦ ᠶᠢ ᠠᠬᠢᠭᠤᠯᠵᠤ᠂ ᠰᠢᠭᠦᠬᠦ ᠪᠠ ᠬᠡᠷᠡᠭᠵᠢᠭᠦᠯᠬᠦ ᠶᠢ ᠥᠨᠳᠥᠷ ᠪᠦᠲᠦᠮᠵᠢᠲᠡᠶ ᠪᠠᠷ | ᠵᠣᠯᠭᠠᠭᠤᠯᠬᠤ ᠶᠢ ᠠᠬᠢᠭᠤᠯᠵᠤ᠂ ᠵᠠᠷᠭᠤ ᠢᠯᠠᠭᠰᠠᠨ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ | ᠥᠨᠳᠥᠷ ᠪᠦᠲᠦᠮᠵᠢᠲᠡᠶ ᠪᠠᠷ ᠪᠡᠶᠡᠯᠡᠭᠦᠯᠦᠨ᠎ᠡ᠃ ︽ᠵᠠᠭᠤᠨ ᠬᠠᠤᠯᠢ ᠶᠢᠨ ᠲᠤᠰᠢᠶᠠᠯᠲᠠᠨ ᠢ ᠵᠠᠭᠤᠨ ᠠᠵᠤ | ᠠᠬᠤᠶᠢᠯᠠᠯ ᠳᠤ ᠣᠷᠣᠭᠤᠯᠬᠤ︾ ᠶᠢ ᠦᠷᠭᠦᠯᠵᠢᠯᠡᠨ ᠠᠬᠢᠭᠤᠯᠵᠤ᠂ ᠬᠦᠷᠢᠶᠡᠯᠡᠩ ᠲᠣᠭᠤᠷᠢᠭ ᠲᠤ ︽ᠬᠠᠤᠯᠢ ᠶᠢᠨ | ᠲᠤᠰᠢᠶᠠᠯᠲᠠᠨ ᠤ ᠬᠠᠷᠢᠯᠴᠠᠬᠤ ᠦᠷᠳᠡᠭᠡ︾ ᠭᠠᠷᠭᠠᠵᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠠᠤᠯᠢ ᠪᠠᠷ | ᠵᠠᠰᠠᠬᠤ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠵᠦ᠂ ᠠᠵᠤ | ᠠᠬᠤᠶᠢᠯᠠᠯ ᠤᠨ ᠰᠢᠯᠢᠳᠡᠭᠵᠢᠨ ᠬᠥᠭᠵᠢᠬᠦ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃ ︽ᠵᠠᠷᠭᠤ ᠦᠭᠡᠢ | ᠰᠣᠷᠪᠤᠯᠵᠢᠯᠠᠭ᠎ᠠ ᠦᠭᠡᠢ︾ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠢ ᠪᠠᠶᠢᠭᠤᠯᠬᠤ ᠠᠵᠢᠯ ᠢ | ᠦᠷᠭᠦᠯᠵᠢᠯᠡᠨ ᠠᠬᠢᠭᠤᠯᠵᠤ᠂ ᠲᠢᠩᠬᠢᠮ ᠲᠣᠰᠬᠤᠨ ᠢ ᠬᠠᠮᠲᠤ ᠪᠠᠷ ᠪᠠᠶᠢᠭᠤᠯᠬᠤ ᠶᠢ ᠴᠢᠩᠭᠠᠳᠬᠠᠨ᠂ ︽ᠭᠤᠷᠪᠠ ᠶᠢ | ᠨᠢᠭᠡ ᠴᠣᠭᠴᠠᠵᠢᠭᠤᠯᠬᠤ︾ ᠵᠠᠷᠭᠤ ᠶᠢᠨ ᠢᠷᠡᠯᠲᠡ ᠶᠢ ᠵᠠᠰᠠᠬᠤ ᠠᠵᠢᠯ ᠤᠨ ᠠᠷᠭ᠎ᠠ ᠶᠢ ᠥᠨᠳᠥᠷ ᠪᠦᠲᠦᠮᠵᠢᠲᠡᠶ | ᠬᠡᠷᠡᠭᠯᠡᠵᠦ᠂ ︽ᠨᠠᠰᠤᠨ ᠤ ᠡᠶᠡᠳᠡᠭᠦᠯᠬᠦ ᠠᠷᠭ᠎ᠠ︾ ᠶᠢᠨ ᠦᠢᠯᠡᠳᠦᠯ ᠢ ᠦᠷᠭᠦᠯᠵᠢᠯᠡᠨ ᠴᠢᠩᠭᠠᠳᠬᠠᠵᠤ᠂ ᠡᠯ᠎ᠡ | ᠲᠥᠷᠥᠯ ᠤᠨ ᠵᠥᠷᠢᠴᠡᠯ ᠵᠢᠭᠤᠷᠠᠯᠳᠤᠭᠠᠨ ᠢ ᠲᠦᠷᠭᠡᠨ ᠪᠥᠭᠡᠳ ᠲᠣᠬᠢᠲᠠᠢ ᠰᠢᠢᠳᠪᠦᠷᠢᠯᠡᠨ᠎ᠡ᠃ ︽ᠨᠤᠲᠤᠭ | ᠪᠡᠯᠴᠢᠭᠡᠷ ᠲᠤ 110 ᠬᠡᠷᠡᠭᠵᠢᠭᠦᠯᠬᠦ︾ ᠲᠣᠭᠲᠠᠴᠠ ᠶᠢ ᠦᠷᠭᠦᠯᠵᠢᠯᠡᠨ ᠳᠡᠯᠭᠡᠷᠡᠭᠦᠯᠵᠦ᠂ ᠡᠯ᠎ᠡ ᠲᠥᠷᠥᠯ ᠤᠨ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ | ᠬᠠᠤᠯᠢ ᠶᠣᠰᠣᠭᠠᠷ ᠪᠣᠯᠭᠤᠮᠵᠢᠲᠠᠢ ᠬᠡᠷᠡᠭᠯᠡᠨ᠂ ᠨᠢᠭᠡᠨᠲᠡ ᠭᠦᠢᠴᠡᠳᠬᠡᠭᠰᠡᠨ ᠠᠵᠤ ᠠᠬᠤᠶᠢᠯᠠᠯ ᠤᠨ ᠢᠲᠡᠭᠡᠯ | ᠠᠯᠳᠠᠭᠰᠠᠨ ᠲᠡᠮᠳᠡᠭᠯᠡᠯ ᠢ ᠴᠠᠭ ᠲᠤᠬᠠᠢ ᠳᠤᠨᠢ ᠬᠠᠯᠬᠠᠯᠠᠬᠤ ᠪᠠ ᠵᠠᠰᠠᠨ ᠰᠡᠷᠭᠦᠭᠡᠵᠦ᠂ ᠬᠠᠤᠯᠢ ᠪᠠᠷᠢᠬᠤ | ᠠᠵᠢᠯᠯᠠᠭ᠎ᠠ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠦᠵᠡᠭᠦᠯᠬᠦ ᠨᠠᠵᠠᠭᠠᠢ ᠨᠥᠯᠥᠭᠡ ᠶᠢ | ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ᠰᠢᠭᠦᠯᠲᠡ ᠳᠠᠭᠤᠰᠣᠭᠰᠠᠨ ᠬᠡᠷᠡᠭ ᠤᠨ ᠡᠯᠧᠺᠲᠷᠣᠨ | ᠬᠥᠮᠥᠷᠭᠡ ᠶᠢ ᠪᠠᠶᠢᠭᠤᠯᠵᠤ᠂ ᠰᠢᠭᠦᠯᠲᠡ ᠳᠠᠭᠤᠰᠣᠭᠰᠠᠨ ᠬᠡᠷᠡᠭ ᠢ ᠬᠢᠨᠠᠨ ᠬᠠᠮᠢᠶᠠᠷᠬᠤ ᠪᠠ ᠭᠦᠢᠴᠡᠳᠬᠡᠬᠦ ᠶᠢ | ᠰᠡᠷᠭᠦᠭᠡᠬᠦ ᠠᠵᠢᠯ ᠢ ᠴᠢᠩᠭᠠᠳᠬᠠᠨ᠎ᠠ᠃ ︽ᠳᠠᠩᠰᠠᠯᠠᠬᠤ ᠲᠠᠰᠣᠯᠠᠬᠤ ᠭᠦᠢᠴᠡᠳᠭᠡᠬᠦ ᠲᠠᠮᠫᠣᠷᠠᠬᠤ︾ ᠶᠢ ᠨᠢᠭᠡ | ᠴᠣᠭᠴᠠᠵᠢᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠭᠦᠢᠴᠡᠳᠬᠡᠬᠦ ᠪᠠ ᠲᠠᠮᠫᠣᠷᠠᠬᠤ ᠶᠢ | ᠠᠭᠤᠰᠣᠯᠴᠠᠭᠤᠯᠬᠤ︾ ᠶᠢ ᠶᠡᠭᠡ ᠪᠠᠷ ᠬᠡᠷᠡᠭᠵᠢᠭᠦᠯᠵᠦ᠂ ᠳᠠᠮᠫᠤᠷᠠᠯ ᠤᠨ ᠰᠢᠭᠦᠨ ᠲᠠᠰᠤᠯᠬᠤ ᠠᠵᠢᠯ ᠢ ᠦᠷᠭᠦᠯᠵᠢᠯᠡᠨ | ᠲᠡᠭᠦᠯᠳᠡᠷᠵᠢᠭᠦᠯᠵᠦ᠂ ᠳᠠᠮᠫᠤᠷᠠᠯ ᠤᠨ ᠰᠢᠭᠦᠨ ᠲᠠᠰᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠭᠡᠵᠦ ᠢᠯᠡ ᠪᠠᠷ | ᠠᠮᠠᠯᠳᠠᠪᠠ᠃ | | | |