3 ᠰᠠᠷ᠎ᠠ ᠶᠢᠨ 20 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠦᠦ ᠯᠦᠩ ᠪᠦᠯᠬᠦᠮ ᠳᠠᠭᠠᠭᠤᠯᠤᠨ ᠬᠢᠩᠭᠠᠨ ᠠᠶᠢᠮᠠᠭ ᠤᠨ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠦᠨᠳᠦᠰᠦᠨ ᠱᠠᠲᠤᠨ ᠤ ᠬᠠᠤᠯᠢ ᠲᠣᠭᠲᠠᠭᠠᠬᠤ | ᠬᠠᠷᠢᠯᠴᠠᠬᠤ ᠴᠡᠭ ᠤᠨ ᠠᠵᠢᠯ ᠢ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠣᠳᠤ ᠰᠤᠮᠤ ᠶᠢᠨ ᠬᠠᠤᠯᠢ ᠲᠣᠭᠲᠠᠭᠠᠬᠤ ᠬᠠᠷᠢᠯᠴᠠᠬᠤ | ᠴᠡᠭ ᠢ ᠨᠠᠷᠢᠨ ᠬᠢᠨᠠᠮᠠᠭᠠᠢ ᠲᠣᠭᠤᠷᠢᠨ ᠦᠵᠡᠵᠦ᠂ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠠᠵᠢᠯᠯᠠᠭᠠᠨ᠂ | ᠳᠦᠷᠢᠮ ᠤᠨ ᠪᠠᠶᠢᠭᠤᠯᠤᠯᠲᠠ᠂ ︽ᠵᠥᠭᠡᠯᠡᠨ ᠬᠠᠲᠠᠭᠤ︾ ᠲᠤᠨᠤᠭ ᠢ ᠡᠭᠦᠳᠬᠦ ᠵᠡᠷᠭᠡ ᠲᠠᠯ᠎ᠠ ᠶᠢᠨ ᠲᠤᠷᠰᠢᠯᠭ᠎ᠠ | ᠬᠢᠳᠡᠯ ᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ | ᠬᠠᠷᠢᠯᠴᠠᠬᠤ ᠴᠡᠭ ᠤᠨ ᠠᠵᠢᠯ ᠤᠨ ᠰᠢᠨ᠎ᠡ ᠰᠡᠳᠬᠢᠴᠡ᠂ ᠰᠢᠨ᠎ᠡ ᠠᠷᠭ᠎ᠠ ᠪᠠᠷᠢᠯ᠂ ᠰᠢᠨ᠎ᠡ ᠠᠷᠭ᠎ᠠ ᠠᠪᠴᠢᠯ ᠤᠨ | ᠲᠣᠭᠤᠷᠢᠨ ᠳᠤ ᠶᠠᠷᠢᠯᠴᠠᠨ ᠰᠣᠯᠢᠯᠴᠠᠪᠠ᠃ | | | |