ᠵᠠᠷᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠯᠵᠢᠶᠡᠨ ᠳᠡᠭᠡᠷᠡᠬᠢ ᠴᠤᠤᠷᠬᠠᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/22
      ᠥᠷᠭᠡᠨ ᠣᠯᠠᠨ ᠲᠦᠮᠡᠨ ᠤ ᠰᠦᠯᠵᠢᠶᠡᠨ ᠳᠡᠭᠡᠷᠡᠬᠢ ᠴᠤᠤᠷᠬᠠᠯ ᠢ ᠢᠯᠭᠠᠨ ᠲᠠᠨᠢᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 20 ᠤ ᠡᠳᠦᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ ᠬᠢᠨ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠪᠠᠨ ᠵᠣᠬᠢᠶᠠᠨ ᠪᠠᠶᠢᠭᠤᠯᠵᠤ ᠰᠦᠯᠵᠢᠶᠡᠨ ᠤ ᠭᠠᠳᠠᠨᠠᠬᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠷᠠᠳ ᠤᠨ ᠴᠠᠭᠳᠠᠭ᠎ᠠ ᠪᠠ ᠲᠤᠰᠠᠯᠠᠬᠤ ᠴᠠᠭᠳᠠᠭ᠎ᠠ ᠤᠷᠢᠳ ᠬᠤᠵᠢᠳ ᠯᠦᠪᠸᠢ ᠵᠡᠭᠡᠯᠢ ᠭᠤᠳᠤᠮᠵᠢ ᠶᠢᠨ ᠴᠢᠨᠶᠤᠸᠠᠨ ᠨᠡᠶᠢᠭᠡᠮ ᠲᠣᠭᠤᠷᠢᠭ᠂ ᠬᠡᠰᠡᠭ ᠰᠦᠯᠵᠢᠶᠡᠨ ᠤ ᠪᠠᠭᠠᠷ᠂ ᠡᠯᠧᠺᠲᠷᠣᠨ ᠤᠩᠰᠢᠯᠭ᠎ᠠ ᠶᠢᠨ ᠲᠠᠰᠤᠭ ᠪᠣᠯᠣᠨ  ᠯᠦᠪᠸᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠡᠷᠭᠡ ᠭᠠᠵᠠᠷ ᠲᠤ ᠬᠦᠷᠴᠦ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠵᠠᠷᠯᠠᠯ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠰᠦᠯᠵᠢᠶᠡᠨ ᠳᠡᠭᠡᠷᠡᠬᠢ ᠴᠤᠤᠷᠬᠠᠯ ᠤᠨ ᠲᠠᠯ᠎ᠠ ᠶᠢᠨ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠣᠯᠠᠨ ᠲᠦᠮᠡᠨ ᠳᠤ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠲᠡᠭᠳᠡᠭᠡᠬᠦ ᠦᠭᠡᠢ᠂ ᠴᠤᠤᠷᠬᠠᠯ ᠢ ᠴᠤᠬᠤᠶᠢᠬᠤ ᠦᠶ᠎ᠡ ᠳᠤᠨᠢ ᠬᠤᠷᠢᠭᠯᠠᠬᠤ ᠬᠡᠷᠡᠭᠳᠠᠢ ᠬᠡᠵᠦ ᠰᠡᠷᠡᠮᠵᠢᠯᠡᠭᠦᠯᠪᠡ᠃   
微信图片_20240322093739.jpg  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号