| ᠪᠦᠬᠦ ᠬᠤᠰᠢᠭᠤᠨ ᠤ ᠤᠯᠤᠰ ᠤᠨ ᠠᠷᠢᠭᠤᠨ ᠴᠡᠪᠡᠷ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠦᠨᠡᠨᠬᠦ | ᠰᠠᠶᠢᠲᠤᠷ ᠠᠳᠬᠤᠬᠤ ᠶᠢᠨ ᠲᠥᠯᠥᠭᠡ᠂ 3 ᠰᠠᠷ᠎ᠠ ᠶᠢᠨ 21 ᠤ ᠡᠳᠦᠷ᠂ ᠳᠡᠳ᠋ ᠬᠤᠰᠢᠭᠤᠨ ᠳᠠᠷᠤᠭ᠎ᠠ ᠳ᠋ᠢᠩ ᡁᠢ | ᠭᠠᠩ ᠪᠦᠯᠬᠦᠮ ᠳᠠᠭᠠᠭᠤᠯᠤᠨ ᠬᠤᠰᠢᠭᠤᠨ ᠤ ᠲᠠᠷᠢᠶᠠᠯᠠᠩ ᠤᠨ ᠠᠷᠠᠯᠵᠢᠶᠠᠨ ᠤ ᠶᠡᠭᠡ ᠲᠢᠩᠬᠢᠮ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠠᠵᠠᠷ ᠲᠤ ᠭᠦᠨᠵᠡᠭᠡᠶᠢᠷᠡᠵᠦ᠂ ᠢᠳᠡᠭᠡᠨ ᠤ ᠵᠢᠵᠢᠭ ᠦᠢᠯᠡᠳᠬᠡᠯ᠂ ᠵᠢᠵᠢᠭ | ᠢᠳᠡᠭᠡᠨ ᠤᠮᠳᠠᠭᠠᠨ᠂ ᠵᠢᠵᠢᠭ ᠢᠳᠡᠭᠡᠨ ᠤ ᠳᠡᠯᠭᠡᠭᠦᠷ᠂ ᠵᠢᠵᠢᠭ ᠳᠡᠯᠭᠡᠭᠦᠷᠴᠢᠨ ᠵᠡᠷᠭᠡ ︽ᠳᠥᠷᠪᠡᠨ ᠵᠢᠵᠢᠭ︾ | ᠠᠵᠢᠯ ᠲᠥᠷᠥᠯ ᠤᠨ ᠭᠤᠣᠯ ᠴᠣᠭᠴᠠ ᠳᠤ ᠠᠮᠤᠷ ᠲᠦᠪᠰᠢᠨ ᠤ ᠬᠢᠨᠠᠨ ᠵᠢᠯᠤᠭᠤᠳᠴᠤ ᠪᠠᠶᠢᠴᠠᠭᠠᠬᠤ ᠠᠵᠢᠯ | ᠦᠷᠨᠢᠭᠦᠯᠪᠡ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠵᠠᠩ | ᠶᠢᠩ ᠴᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠴᠢᠩ ᠾᠧ | ᠪᠠᠷ᠎ᠠ ᠪᠣᠯᠪᠠ᠃ | ᠠᠬᠤᠢ ᠲᠠᠯᠠᠪᠤᠷ ᠲᠤ᠂ ᠳ᠋ᠢᠩ ᡁᠢ ᠭᠠᠩ ︽ᠳᠥᠷᠪᠡᠨ ᠵᠢᠵᠢᠭ︾ ᠠᠵᠢᠯ ᠲᠥᠷᠥᠯ ᠤᠨ ᠢᠳᠡᠭᠡᠨ | ᠪᠣᠯᠪᠠᠰᠤᠷᠠᠭᠤᠯᠬᠤ ᠭᠤᠭᠴᠤᠭ᠎ᠠ ᠶᠢᠨ ᠠᠷᠢᠭᠤᠨ ᠴᠡᠪᠡᠷ᠂ ᠦᠨᠡᠮᠯᠡᠯ ᠲᠠᠢ ᠪᠠᠷ ᠡᠵᠡᠩᠨᠡᠬᠦ ᠡᠰᠡᠬᠦ᠂ ᠭᠡᠷᠡᠴᠢ ᠪᠠᠷᠢᠮᠲᠠ | ᠪᠠᠶᠢᠬᠤ ᠡᠰᠡᠬᠦ᠂ ᠵᠢᠮᠢᠰ ᠢᠳᠡᠰᠢᠨ ᠨᠣᠭᠤᠭ᠎ᠠ ᠵᠡᠷᠭᠡ ᠪᠠᠷᠠᠭᠠᠨ ᠤ ᠬᠠᠳᠠᠭᠠᠯᠠᠯᠲᠠ ᠵᠢᠴᠢ ᠴᠢᠨᠠᠷ ᠢ ᠪᠠᠲᠤᠯᠠᠬᠤ | ᠬᠤᠭᠤᠴᠠᠭ᠎ᠠ ᠵᠡᠷᠭᠡ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠦᠵᠡᠪᠡ᠃ ᠡᠭᠦᠨ ᠤ ᠬᠠᠮᠲᠤ ᠢᠳᠡᠭᠡᠨ ᠤ ᠡᠵᠡᠩᠨᠡᠭᠴᠢ | ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ | ᠦᠢᠯᠡᠳᠪᠦᠷᠢᠯᠡᠯ ᠤᠨ ᠭᠤᠭᠴᠤᠭ᠎ᠠ ᠳᠤ ᠬᠡᠷᠡᠭᠯᠡᠵᠦ ᠪᠠᠶᠢᠭ᠎ᠠ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠪᠣᠯᠣᠳ | ᠯᠣᠩᠬᠤ ᠵᠢᠴᠢ ᠤᠭᠰᠠᠷᠠᠬᠤ ᠬᠤᠭᠤᠯᠠᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠮᠤᠷ ᠲᠦᠪᠰᠢᠨ ᠤ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠵᠦ᠂ | ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠢᠮᠠᠭᠲᠠ ᠴᠢᠩᠭᠠᠯᠠᠵᠤ᠂ ᠡᠯ᠎ᠡ ᠲᠥᠷᠥᠯ ᠤᠨ ᠠᠮᠤᠷ ᠲᠦᠪᠰᠢᠨ ᠤ | ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠳ᠋ᠢᠩ ᡁᠢ ᠭᠠᠩ ᠱᠠᠭᠠᠷᠳᠠᠭᠰᠠᠨ ᠨᠢ᠂ ᠡᠵᠡᠩᠨᠡᠭᠴᠢᠳ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ | ᠦᠨᠡᠨ ᠬᠦ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠶᠠᠰᠤ | ᠴᠢᠨᠠᠷ ᠤᠨ ᠲᠠᠯ᠎ᠠ ᠪᠠᠷ ᠴᠢᠩᠭ᠎ᠠ ᠠᠳᠬᠤᠵᠤ᠂ ᠢᠳᠡᠭᠡᠨ ᠤ ᠠᠮᠤᠷ ᠲᠦᠪᠰᠢᠨ ᠠᠷᠢᠭᠤᠨ ᠴᠡᠪᠡᠷ ᠢ ᠦᠨᠡᠨ ᠬᠦ | ᠪᠠᠲᠤᠯᠠᠬᠤ ᠬᠡᠷᠡᠭᠲᠡᠢ᠃ ᠬᠠᠤᠯᠢ ᠬᠡᠷᠡᠭᠵᠢᠭᠦᠯᠬᠦ ᠠᠵᠢᠯᠲᠠᠨ ᠠᠵᠢᠯ ᠢᠶᠠᠨ ︽ᠡᠴᠦᠰ ᠲᠤᠨᠢ ᠲᠤᠯᠲᠠᠯ᠎ᠠ ᠬᠢᠬᠦ︾ ᠶᠢ | ᠪᠠᠷᠢᠮᠲᠠᠯᠠᠵᠤ᠂ ᠥᠨᠴᠥᠭ ᠪᠤᠯᠤᠩ ᠦᠯᠡᠳᠡᠭᠡᠬᠦ ᠦᠭᠡᠢ᠂ ᠰᠣᠬᠤᠷ ᠪᠠᠯᠠᠢ ᠣᠷᠣᠨ ᠢ ᠣᠷᠬᠢᠭᠳᠠᠭᠤᠯᠣᠯ ᠦᠭᠡᠢ | ᠪᠠᠶᠢᠵᠤ᠂ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠵᠤ᠂ ᠪᠠᠷᠢᠮᠵᠢᠶ᠎ᠠ ᠲᠠᠢ ᠬᠠᠷᠭᠤᠭᠤᠯᠵᠤ᠂ ᠭᠤᠣᠯ ᠬᠤᠲᠠ ᠶᠢᠨ ᠲᠣᠭᠤᠷᠢᠭ ᠤᠨ ︽ | ᠳᠥᠷᠪᠡᠨ ᠵᠢᠵᠢᠭ︾ ᠠᠵᠢᠯ ᠲᠥᠷᠥᠯ ᠤᠨ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠪᠥᠬᠦ ᠲᠠᠯ᠎ᠠ ᠪᠠᠷ | ᠴᠡᠭᠴᠡᠯᠡᠨ ᠵᠠᠰᠠᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠭᠰᠠᠨ ᠡᠯ᠎ᠡ ᠵᠦᠢᠯ ᠤᠨ | ᠠᠷᠢᠭᠤᠨ ᠴᠡᠪᠡᠷ ᠬᠤᠰᠢᠭᠤ ᠶᠢ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠥᠭᠡᠳ ᠥᠨᠳᠥᠷ | ᠪᠦᠲᠦᠮᠵᠢᠲᠡᠶ ᠪᠠᠷ ᠪᠡᠶᠡᠯᠡᠭᠦᠯᠵᠦ᠂ ᠤᠯᠤᠰ ᠤᠨ ᠠᠷᠢᠭᠤᠨ ᠴᠡᠪᠡᠷ ᠬᠤᠰᠢᠭᠤ ᠶᠢ ᠡᠭᠦᠳᠦᠨ ᠪᠠᠶᠢᠭᠤᠯᠬᠤ ᠬᠠᠷᠠᠯᠲᠠ ᠶᠢ | ᠡᠷᠲᠡᠬᠡᠨ ᠪᠡᠶᠡᠯᠡᠭᠦᠯᠬᠦ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠴᠦᠨ ᠢᠶᠠᠨ ᠡᠷᠭᠦᠬᠦ ᠬᠡᠷᠡᠭᠲᠡᠢ | ᠭᠡᠪᠡ᠃ | | | |