| 3 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠵᠠᠷᠤᠳ | ᠬᠤᠰᠢᠭᠤᠨ ᠳᠤ ᠢᠷᠡᠵᠦ ᠨᠤᠲᠤᠭ ᠪᠡᠯᠴᠢᠭᠡᠷ ᠤᠨ ᠳᠠᠭᠠᠭᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠲᠤᠷᠰᠢᠯᠲᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠬᠤ ᠶᠢᠨ ᠬᠠᠮᠲᠤ | ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠪᠦᠦ | ᠸᠧᠨ ᠯᠠᠨ᠂ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠪᠣᠯᠣᠨ ᠬᠤᠲᠠ᠂ ᠬᠤᠰᠢᠭᠤᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠬᠤᠯᠪᠣᠭᠳᠠᠯ ᠪᠦᠬᠦᠢ ᠰᠤᠮᠤ ᠪᠠᠯᠭᠠᠰᠤ ᠵᠢᠴᠢ 5 | ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠰᠬᠠᠢ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠨ ᠵᠢᠯᠤᠭᠤᠳᠬᠤ | ᠳᠤᠭᠤᠶᠢᠯᠠᠩ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠵᠠᠷᠤᠳ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠬᠡᠲᠦᠷᠡᠭᠦᠯᠦᠨ ᠮᠠᠯᠵᠢᠬᠤ | ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ︔ ᠬᠤᠷᠠᠯ ᠳᠤ ᠣᠷᠣᠯᠴᠠᠭᠰᠠᠳ ᠬᠤᠯᠪᠣᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠰᠠᠨᠠᠯ ᠢᠶᠠᠨ | ᠰᠣᠯᠢᠯᠴᠠᠵᠤ ᠶᠠᠷᠢᠶ᠎ᠠ ᠲᠠᠯᠪᠢᠪᠠ᠃ | ᠵᠣᠣ ᠢᠦᠢ ᠱᠧᠩ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠴᠢᠬᠤᠯᠠᠴᠢᠯᠠᠭᠰᠠᠨ ᠨᠢ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠷᠰᠢᠯᠲᠠ ᠶᠢᠨ ᠠᠵᠢᠯ ᠢ ᠨᠢᠭᠡ ᠵᠦᠢᠯ ᠤᠨ ᠴᠢᠬᠤᠯᠠ ᠤᠯᠤᠰ | ᠲᠥᠷᠥ ᠶᠢᠨ ᠡᠭᠦᠷᠭᠡ ᠪᠣᠯᠭᠠᠨ ᠠᠳᠬᠤᠬᠤ ᠬᠡᠷᠡᠭᠲᠡᠢ᠃ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ | ᠪᠡᠶ᠎ᠡ ᠪᠠᠷ ᠢᠶᠠᠨ ᠣᠷᠣᠯᠴᠠᠵᠤ᠂ ᠡᠮᠦᠨ᠎ᠡ ᠹᠷᠣᠨᠲ ᠳᠤ ᠵᠢᠯᠤᠭᠤᠳᠴᠤ᠂ ᠭᠠᠵᠠᠷ ᠣᠷᠣᠨ ᠤ ᠪᠣᠳᠠᠲᠠᠢ ᠲᠠᠢ ᠪᠠᠨ | ᠤᠶᠠᠯᠳᠤᠭᠤᠯᠤᠨ ᠨᠤᠲᠤᠭ ᠪᠡᠯᠴᠢᠭᠡᠷ ᠤᠨ ᠬᠡᠲᠦ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ | ᠠᠵᠢᠯ ᠤᠨ ᠬᠡᠷᠡᠭᠵᠢᠭᠦᠯᠬᠦ ᠲᠥᠰᠥᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠤᠨ᠂ ᠲᠤᠷᠰᠢᠯᠲᠠ ᠶᠢᠨ ᠡᠭᠦᠷᠭᠡ ᠪᠠᠨ ᠴᠢᠨᠠᠷ ᠰᠠᠶᠢᠲᠠᠢ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠨ ᠪᠠᠶᠢᠳᠠᠯ ᠢ | ᠠᠯᠢ ᠲᠦᠷᠭᠡᠨ ᠢᠶᠠᠷ ᠲᠣᠳᠣᠷᠬᠠᠢ ᠣᠶᠢᠯᠠᠭᠠᠵᠤ᠂ ᠵᠢᠷᠤᠭ ᠲᠥᠰᠦᠯ ᠢᠶᠠᠷ ᠠᠵᠢᠯᠯᠠᠵᠤ᠂ ᠣᠷᠣᠰᠢᠵᠤ ᠪᠠᠶᠢᠭ᠎ᠠ | ᠠᠰᠠᠭᠤᠳᠠᠯ ᠢ ᠨᠢᠭᠡᠳ ᠨᠢᠭᠡ ᠪᠠᠷ ᠦᠭᠡᠶᠢᠰᠬᠡᠵᠦ᠂ ᠬᠠᠷᠢᠭᠤᠴᠠᠯᠭ᠎ᠠ ᠡᠭᠦᠷᠭᠡᠯᠡᠭᠴᠢ ᠪᠠ ᠴᠠᠭ ᠬᠤᠭᠤᠴᠠᠭ᠎ᠠ | ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠨᠤᠲᠤᠭ ᠪᠡᠯᠴᠢᠭᠡᠷ ᠤᠨ ᠳᠠᠭᠠᠭᠠᠴᠠ ᠬᠡᠲᠦᠷᠡᠭᠦᠯᠦᠨ ᠮᠠᠯᠵᠢᠬᠤ | ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ ᠤᠨ ᠨᠠᠷᠢᠨ ᠵᠦᠢᠯᠡᠰ | ᠨᠢᠭᠡᠪᠦᠷᠢ ᠶᠢ ᠴᠥᠮ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ᠂ ᠥᠷᠭᠡᠨ ᠣᠯᠠᠨ ᠮᠠᠯᠴᠢᠨ | ᠲᠠᠷᠢᠶᠠᠴᠢᠨ ᠳᠤ ᠲᠣᠰ ᠠᠵᠢᠯ ᠤᠨ ᠴᠢᠬᠤᠯᠠ ᠴᠢᠨᠠᠷ ᠢ ᠪᠥᠬᠦ ᠲᠠᠯ᠎ᠠ ᠪᠠᠷ ᠣᠶᠢᠯᠠᠭᠠᠭᠤᠯᠬᠤ ᠪᠠ ᠮᠡᠳᠡᠷᠡᠭᠦᠯᠵᠦ᠂ | ᠣᠯᠠᠨ ᠲᠦᠮᠡᠨ ᠤ ᠡᠪᠡᠰᠦ ᠮᠠᠯ ᠤᠨ ᠲᠡᠩᠴᠡᠭᠦᠷᠢ ᠶᠢ ᠤᠬᠠᠮᠰᠠᠷ ᠠᠴᠠ ᠪᠠᠨ ᠬᠠᠮᠠᠭᠠᠯᠠᠬᠤ ᠦᠵᠡᠯ ᠤᠬᠠᠮᠰᠠᠷ ᠢ | ᠳᠡᠭᠡᠭᠰᠢᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠤᠳᠤᠷᠢᠳᠤᠯᠭ᠎ᠠ ᠠᠵᠢᠯ ᠤᠨ ᠳᠤᠮᠳᠠᠬᠢ ᠲᠤᠷᠰᠢᠯᠭ᠎ᠠ᠂ | ᠠᠰᠠᠭᠤᠳᠠᠯ ᠢᠶᠠᠨ ᠴᠠᠭ ᠲᠤᠬᠠᠢ ᠳᠤᠨᠢ ᠳ᠋ᠦᠩᠨᠡᠵᠦ᠂ ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠂ ᠳᠡᠭᠡᠳᠦ ᠱᠠᠲᠤᠨ ᠤ ᠰᠠᠯᠠᠭ᠎ᠠ ᠮᠥᠴᠢᠷ ᠴᠦ ᠵᠢᠯᠣᠭᠤᠳᠤᠯᠭ᠎ᠠ ᠦᠢᠯᠡᠴᠢᠯᠡᠭᠡ ᠪᠠᠨ | ᠲᠠᠰᠤᠷᠠᠯᠲᠠ ᠦᠭᠡᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠡᠭᠦᠯᠳᠡᠷᠵᠢᠭᠦᠯᠦᠨ ᠬᠠᠩᠭᠠᠵᠤ᠂ | ᠡᠯ᠎ᠡ ᠵᠦᠢᠯ ᠤᠨ ᠡᠭᠦᠷᠭᠡ ᠳᠤ ᠴᠥᠮ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ | ᠬᠡᠷᠡᠭᠲᠡᠢ ᠭᠡᠪᠡ᠃ | ᠪᠦᠦ ᠸᠧᠨ ᠯᠠᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠵᠠᠷᠤᠳ ᠬᠤᠰᠢᠭᠤᠨ ᠤ ᠬᠢᠨ ᠭᠠᠵᠠᠷ | ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ ᠳᠠᠭᠠᠭᠠᠴᠠ ᠬᠡᠲᠦᠷᠡᠭᠦᠯᠦᠨ ᠮᠠᠯᠵᠢᠬᠤ | ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ ᠢᠶᠠᠨ ᠤᠯᠠᠮ ᠨᠢᠭᠡ ᠠᠯᠬᠤᠮ | ᠨᠠᠷᠢᠯᠢᠭᠵᠢᠭᠤᠯᠵᠤ᠂ ᠠᠵᠢᠯ ᠤᠨ ᠰᠡᠳᠬᠢᠮᠵᠢ ᠪᠠᠨ ᠥᠷᠭᠡᠳᠬᠡᠨ᠂ ᠣᠯᠠᠨ ᠲᠦᠮᠡᠨ ᠢ ᠴᠢᠷᠮᠠᠶᠢᠨ ᠳᠠᠶᠢᠴᠢᠯᠠᠵᠤ᠂ | ᠮᠠᠯᠴᠢᠨ ᠲᠠᠷᠢᠶᠠᠴᠢᠨ ᠣᠯᠠᠨ ᠲᠦᠮᠡᠨ ᠤ ᠲᠣᠰ ᠠᠵᠢᠯ ᠢ ᠴᠢᠬᠤᠯᠠᠴᠢᠯᠠᠬᠤ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠣᠯᠠᠨ ᠲᠦᠮᠡᠨ ᠤ ᠵᠣᠬᠢᠶᠠᠨ ᠪᠠᠶᠢᠭᠤᠯᠤᠯᠴᠠᠭᠰᠠᠨ ᠬᠢᠷᠢ ᠲᠦᠪᠰᠢᠨ ᠪᠠ ᠳᠣᠲᠣᠭᠠᠳᠤ ᠶᠢᠨ | ᠬᠥᠳᠡᠯᠭᠡᠬᠦ ᠬᠦᠴᠦᠨ ᠢ ᠬᠦᠭᠵᠢᠭᠡᠬᠦ ᠭᠡᠷᠡᠭᠲᠡᠢ᠃ ᠡᠭᠦᠨ ᠤ ᠵᠡᠷᠭᠡ ᠳᠤ ᠲᠡᠵᠢᠭᠡᠯ ᠡᠪᠡᠰᠦᠨ ᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠪᠠ ᠡᠪᠡᠰᠦᠨ ᠤ ᠠᠵᠤ ᠦᠢᠯᠡᠰ ᠤᠨ ᠬᠥᠭᠵᠢᠯᠲᠡ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠬᠦ ᠬᠡᠷᠡᠭᠲᠡᠢ᠃ ᠨᠤᠲᠤᠭ ᠪᠡᠯᠴᠢᠭᠡᠷ ᠤᠨ ᠳᠠᠭᠠᠭᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠲᠤᠷᠰᠢᠯᠲᠠ ᠶᠢᠨ ᠠᠵᠢᠯ ᠨᠢ ᠠᠵᠠ ᠲᠣᠬᠢᠶᠠᠯ ᠪᠣᠯᠬᠤ ᠮᠥᠷᠲᠡᠭᠡᠨ ᠪᠠᠰᠠ ᠥᠷᠢᠰᠦᠯᠳᠦᠭᠡᠨ ᠪᠣᠯᠣᠨ᠎ᠠ᠂ | ᠵᠠᠷᠤᠳ ᠬᠤᠰᠢᠭᠤᠨ ᠤ ᠬᠢᠨ ᠲᠣᠰ ᠤᠳᠠᠭᠠᠨ ᠤ ᠰᠠᠭᠤᠳᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠠ | ᠲᠣᠬᠢᠶᠠᠯ ᠢ ᠨᠠᠨᠳᠢᠩᠨᠠᠨ᠂ ᠥᠷᠢᠰᠦᠯᠳᠦᠭᠡᠨ ᠢ ᠤᠭᠲᠤᠵᠤ᠂ ᠥᠨᠳᠥᠷ ᠬᠠᠷᠢᠭᠤᠴᠠᠯᠭ᠎ᠠ ᠡᠭᠦᠷᠭᠡᠯᠡᠬᠦ ᠪᠠ ᠨᠠᠩ | ᠪᠣᠳᠠᠲᠠᠢ ᠠᠷᠭ᠎ᠠ ᠬᠡᠮᠵᠢᠶ᠎ᠡ ᠪᠠᠷ ᠨᠤᠲᠤᠭ ᠪᠡᠯᠴᠢᠭᠡᠷ ᠤᠨ ᠳᠠᠭᠠᠭᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠲᠤᠷᠰᠢᠯᠲᠠ ᠶᠢᠨ ᠠᠵᠢᠯ ᠢ ᠨᠠᠷᠢᠨ ᠪᠣᠳᠠᠲᠠᠢ ᠠᠳᠬᠤᠵᠤ᠂ ᠵᠠᠷᠣᠳ ᠤᠨ ᠣᠨᠴᠠᠯᠢᠭ ᠲᠠᠢ | ᠲᠣᠬᠢᠷᠠᠭᠰᠠᠨ ᠠᠵᠢᠯ ᠤᠨ ᠬᠡᠷᠡᠭᠵᠢᠭᠦᠯᠬᠦ ᠲᠥᠰᠥᠯ ᠢᠶᠠᠷ ᠲᠣᠰ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ | ᠭᠡᠪᠡ᠃ | | | |