ᠵᠠᠷᠤᠳ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠭᠠᠨ ᠤ ᠦᠢᠯᠡᠴᠢᠯᠡᠭᠡᠨ ᠤ ᠲᠥᠪ ᠤᠨ ᠬᠤᠳᠠᠯᠳᠤᠭᠠᠴᠢᠨ ᠤᠷᠢᠬᠤ ᠳᠤᠭᠤᠶᠢᠯᠠᠩ ᠪᠡᠭᠡᠵᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/3/26
     3 ᠰᠠᠷ᠎ᠠ ᠶᠢᠨ 25 ᠤ ᠡᠳᠦᠷ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠭᠠᠨ ᠤ ᠦᠢᠯᠡᠴᠢᠯᠡᠭᠡᠨ ᠤ ᠲᠥᠪ ᠤᠨ ᠬᠤᠳᠠᠯᠳᠤᠭᠠᠴᠢᠨ ᠤᠷᠢᠬᠤ ᠳᠤᠭᠤᠶᠢᠯᠠᠩ ᠪᠡᠭᠡᠵᠢᠩ ᠬᠤᠲᠠ ᠶᠢᠨ ᠵᠥᠩ ᠯᠢᠶᠠᠩ ᠪᠦᠯᠦᠭᠯᠡᠯ ᠤᠨ ᠬᠠᠷᠢᠶᠠᠨ ᠳᠠᠬᠢ ᠭᠤᠷᠪᠠᠳᠤᠭᠠᠷ ᠳᠡᠰ ᠤᠨ ᠺᠣᠮᠫᠠᠨᠢ ᠶᠢᠨ ᠬᠦᠢᠲᠡᠨ ᠬᠡᠯᠬᠢᠶᠡᠳᠤ ᠢᠳᠡᠭᠡᠨ ᠤ ᠠᠵᠢᠯ  ᠲᠦᠷᠤᠯ ᠤᠨ ᠬᠡᠯᠲᠡᠰ ᠲᠤ ᠬᠦᠷᠴᠦ ᠬᠤᠳᠠᠯᠳᠤᠭᠠᠴᠢᠨ ᠤᠷᠢᠵᠤ ᠪᠡᠯᠡ ᠲᠠᠳᠠᠬᠤ ᠠᠵᠢᠯ ᠥᠷᠨᠢᠭᠦᠯᠪᠡ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠠᠵᠤ ᠦᠢᠯᠡᠰ ᠤᠨ ᠰᠠᠭᠤᠷᠢ ᠪᠠᠶᠢᠳᠠᠯ ᠢᠶᠠᠨ ᠨᠠᠷᠢᠨ ᠲᠠᠨᠢᠯᠴᠠᠭᠤᠯᠵᠤ᠂ ᠭᠤᠣᠯᠳᠠᠯᠭ᠎ᠠ ᠲᠠᠢ ᠪᠠᠷ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡᠨ ᠤ ᠠᠵᠤ ᠦᠢᠯᠡᠰ᠂ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠵᠢᠴᠢ ᠲᠦᠷᠦᠯ ᠵᠦᠢᠯ ᠤᠨ ᠬᠠᠮᠲᠤᠷᠠᠯᠴᠠᠭᠠᠨ ᠤ ᠠᠷᠭ᠎ᠠ ᠬᠡᠯᠪᠡᠷᠢ ᠵᠡᠷᠭᠡ ᠲᠠᠯ᠎ᠠ ᠪᠠᠷ ᠭᠦᠨᠵᠡᠭᠡᠢ ᠰᠤᠯᠢᠯᠴᠠᠪᠠ᠃ ᠠᠵᠤ ᠠᠬᠤᠶᠢᠯᠠᠯ ᠤᠨ ᠬᠢᠨ ᠢᠯᠡᠷᠬᠡᠶᠢᠯᠡᠬᠦ ᠳᠡᠭᠡᠨ᠂ ᠪᠥᠬᠦ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠡᠳ᠋ᠰᠢᠭᠦᠯᠦᠨ ᠪᠣᠯᠪᠠᠰᠤᠷᠠᠭᠤᠯᠬᠤ ᠡᠬᠢ ᠪᠠᠶᠠᠯᠢᠭ ᠤᠨ ᠳᠠᠪᠠᠭᠤᠯᠢᠭ ᠤᠨ ᠲᠣᠭᠤᠷᠢᠨ ᠳᠤ ᠬᠠᠮᠲᠤᠷᠠᠯᠴᠠᠭᠠᠨ ᠤ ᠲᠥᠷᠥᠯ ᠵᠦᠢᠯ ᠤᠨ ᠲᠥᠰᠥᠯ ᠢ ᠰᠤᠳᠤᠯᠬᠤ ᠶᠢᠨ ᠬᠠᠮᠲᠤ 4 ᠰᠠᠷ᠎ᠠ ᠶᠢᠨ ᠡᠬᠢ ᠪᠠᠷ ᠲᠤᠰᠬᠠᠢ ᠮᠡᠷᠭᠡᠵᠢᠯ ᠤᠨ ᠠᠵᠢᠯᠲᠠᠨ ᠢᠶᠠᠨ ᠵᠣᠬᠢᠶᠠᠨ ᠪᠠᠶᠢᠭᠤᠯᠵᠤ ᠵᠠᠷᠤᠳ ᠬᠤᠰᠢᠭᠤᠨ ᠳᠤ ᠬᠦᠷᠴᠤ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠭᠦᠨᠵᠡᠭᠡᠢ ᠵᠥᠪᠳᠡᠯᠴᠡᠬᠦ ᠪᠠᠷ ᠲᠥᠯᠥᠪᠯᠡᠵᠦ ᠪᠠᠶᠢᠨ᠎ᠠ ᠭᠡᠪᠡ᠃       
微信图片_20240326110202.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号