ᠬᠤᠲᠠ ᠶᠢᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ ︽ᠬᠤᠶᠠᠷ ᠲᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/26
      ᠬᠠᠤᠯᠢ ᠬᠡᠷᠡᠭᠵᠢᠭᠦᠯᠬᠦ ᠠᠵᠢᠯᠲᠠᠨ ᠤ ᠠᠰᠠᠭᠤᠳᠠᠯ ᠢ ᠢᠯᠡᠷᠡᠭᠦᠯᠬᠦ ᠴᠢᠳᠠᠪᠤᠷᠢ ᠶᠢ ᠦᠨᠡᠨᠬᠦ ᠲᠡᠭᠡᠭᠰᠢᠯᠡᠭᠦᠯᠵᠦ᠂ ᠠᠶᠤᠯᠲᠠᠢ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠪᠤᠬᠢᠷᠳᠤᠭᠤᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠭᠤᠣᠯᠳᠠᠯᠭ᠎ᠠ ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠡ ᠶᠢᠨ ᠠᠦ᠋ᠲ᠋ᠣ᠋ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠪᠠᠨ ᠬᠤᠳᠠᠯ ᠬᠠᠭᠤᠷᠮᠠᠭ ᠢᠶᠠᠷ ᠵᠣᠬᠢᠶᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢᠨ ᠲᠥᠯᠥᠭᠡ᠂ ᠣᠶᠢᠷ᠎ᠠ ᠳᠤ᠂ ᠬᠤᠲᠠ ᠶᠢᠨ ᠠᠮᠢ ᠠᠬᠤᠢ ᠣᠷᠴᠢᠨ ᠲᠣᠭᠤᠷᠢᠨ  ᠢ ᠬᠠᠮᠠᠭᠠᠯᠠᠬᠤ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ ᠬᠢᠨ ᠠᠶᠤᠯᠲᠠᠢ ᠬᠠᠶᠠᠭᠳᠠᠮᠠᠯ ᠪᠣᠳᠠᠰ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠰᠦᠯᠵᠢᠶᠡᠨ ᠳᠡᠭᠡᠷᠡᠬᠢ ᠲᠤᠭ᠎ᠠ ᠪᠠᠷᠢᠮᠲᠠ ᠶᠢ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠥᠷᠨᠢᠭᠦᠯᠵᠦ᠂ ᠨᠡᠶᠢᠲᠡ  ᠬᠠᠤᠯᠢ ᠬᠡᠷᠡᠭᠵᠢᠭᠦᠯᠬᠦ ᠠᠵᠢᠯᠲᠠᠨ ᠢ 60 ᠭᠠᠷᠤᠢ ᠬᠥᠮᠥᠨ ᠤᠳᠠᠭ᠎ᠠ ᠬᠥᠳᠡᠯᠭᠡᠵᠦ᠂ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠲᠤᠭ᠎ᠠ ᠪᠠᠷᠢᠮᠲᠠ ᠶᠢᠨ ᠬᠥᠮᠥᠷᠭᠡ ᠶᠢ ᠠᠰᠢᠭᠯᠠᠨ ᠪᠥᠬᠦ ᠬᠤᠰᠢᠭᠤᠨ ᠤ 10 ᠠᠵᠤ ᠠᠬᠤᠶᠢᠯᠠᠯ ᠢ ᠲᠠᠰᠢᠷᠠᠮ ᠢᠶᠠᠷ ᠰᠣᠩᠭᠤᠨ ᠪᠠᠶᠢᠴᠠᠭᠠᠵᠦ᠂ 12 ᠣᠷᠴᠢᠨ ᠲᠣᠭᠤᠷᠢᠨ ᠤ ᠠᠰᠠᠭᠤᠳᠠᠯ ᠢ ᠢᠯᠡᠷᠡᠭᠦᠯᠵᠦ᠂ ᠣᠲᠣ ᠨᠢᠭᠡᠨᠲᠡ ᠪᠦᠬᠦᠨ ᠢ ᠴᠡᠭᠴᠡᠯᠡᠨ ᠵᠠᠰᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号